ᠥᠨᠳᠥᠷ ᠲᠤ ᠵᠣᠭᠰᠣᠨ ᠠᠯᠤᠰ ᠢ ᠪᠠᠷᠠᠯᠠᠵᠤ  ᠪᠠᠶᠢᠷᠢᠰᠢᠯ ᠢᠶᠠᠨ ᠶᠡᠬᠡᠰᠬᠡᠵᠦ  ᠣᠷᠣᠨ ᠤ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ︽ᠪᠤᠬ᠎ᠠ ᠲᠡᠷᠭᠡ︾ ᠪᠣᠯᠬᠤ ᠬᠡᠷᠡᠭᠲᠡᠢ
ᠨᠡᠶᠢᠲᠡᠯᠡᠭᠰᠡᠨ ᠴᠠᠭ᠄
2024/2/27
     ᠪᠤᠤ ᠭᠠᠩ ᠬᠤᠷᠠᠯ ᠢ ᠡᠷᠬᠢᠯᠡᠵᠠᠢ      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢᠨ᠎ᠡ ᠵᠢᠯ ᠤᠨ ᠡᠬᠢᠨ ᠳᠤ ᠠᠵᠢᠯᠯᠠᠬᠤ ᠠᠷᠭ᠎ᠠ ᠪᠠᠨ ᠦᠭᠡᠷᠴᠢᠯᠡᠵᠦ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠢ ᠲᠤᠰᠬᠠᠢ ᠰᠡᠳᠦᠪ ᠢᠶᠠᠷ ᠰᠤᠳᠤᠯᠤᠭᠰᠠᠨ ᠪᠥᠭᠡᠳ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠤᠷᠢᠵᠤ᠂ ᠲᠤᠬᠠᠢ ᠶᠢᠨ ᠲᠠᠯᠠᠪᠤᠷ ᠲᠤᠨᠢ ᠬᠡᠷᠡᠭᠴᠡᠭᠡ ᠶᠢ ᠨᠢ ᠠᠰᠠᠭᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠣᠳᠠᠲᠤ ᠠᠵᠢᠯᠯᠠᠭ᠎ᠠ ᠪᠠᠷ ᠢᠶᠠᠨ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠬᠤᠷᠠᠯ ᠢ ᠡᠷᠬᠢᠯᠡᠪᠡ᠃      ᠬᠤᠷᠠᠯ ᠳᠡᠭᠡᠷ᠎ᠡ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 2023 ᠣᠨ ᠤ ᠠᠵᠢᠯ ᠤᠨ ᠪᠠᠷᠢᠮᠲᠠᠲᠤ ᠹᠢᠯᠢᠮ ᠢ ᠦᠵᠡᠵᠦ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠠᠵᠢᠯ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠤᠳᠤᠯᠵᠤ ᠳᠡᠮᠵᠢᠬᠦ ᠴᠢᠬᠤᠯᠠᠲᠠᠢ ᠵᠦᠢᠯᠡᠰ ᠢ ᠰᠣᠨᠣᠰᠴᠤ᠂ ᠠᠲ᠋ᠧᠰ᠂ ᠱᠤᠸᠠᠩ ᠵᠢᠶᠧ ᠰᠠᠢ ᠳ᠋ᠦ᠋ ᠴᠠᠬᠢᠯᠭᠠᠨ ᠵᠡᠷᠭᠡ 10 ᠭᠠᠷᠤᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠶᠢᠨ ᠰᠡᠳᠬᠢᠴᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠲᠠᠨᠢᠯᠴᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ᠂ ᠰᠢᠢᠳᠪᠦᠷᠢᠯᠡᠬᠦ ᠲᠥᠰᠥᠯ ᠢ ᠨᠢᠭᠡᠳ ᠨᠢᠭᠡ ᠪᠠᠷ  ᠲᠤᠳᠤᠷᠬᠠᠶᠢᠯᠠᠪᠠ᠃      ᠬᠤᠷᠠᠯ ᠠᠴᠠ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 2023 ᠣᠨ ᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠣᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠳᠠᠶᠢᠨ ᠤ ᠲᠠᠯᠠᠪᠤᠷ ᠮᠥᠨ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠲᠠᠢ ᠶᠤᠮ᠂ ᠡᠷᠬᠡᠪᠰᠢ ᠠᠵᠤ ᠦᠢᠯᠡᠳᠪᠦᠷᠢ ᠶᠢᠨ ᠠᠵᠤ ᠠᠬᠤᠢ ᠶᠢ ᠠᠳᠬᠤᠬᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠳᠬᠤᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ︽ᠪᠤᠬ᠎ᠠ ᠲᠡᠷᠭᠡ︾ ᠪᠣᠯᠬᠤ ᠬᠡᠷᠡᠭᠲᠡᠢ᠃ ᠬᠠᠷᠠᠯᠲᠠ ᠡᠭᠦᠷᠭᠡ ᠶᠢ ᠣᠨᠣᠪᠴᠢᠲᠠᠶ ᠠᠩᠬᠠᠷᠴᠤ᠂ ᠠᠵᠤ ᠠᠬᠤᠢ ᠶᠢᠨ ᠪᠠᠶᠢᠷᠢᠰᠢᠯ ᠤᠨ ᠳᠤᠮᠳᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠠᠶᠢᠷᠢᠰᠢᠯ ᠢᠶᠠᠨ ᠶᠡᠬᠡᠰᠬᠡᠵᠦ᠂ ᠲᠡᠷᠢᠭᠦᠨ ᠤ ᠨᠡᠭᠡᠭᠡᠯᠲᠡ ᠶᠢᠨ ᠲᠣᠭᠤᠷᠢᠭ ᠤᠨ ᠲᠥᠯᠦᠪᠵᠢᠭᠦᠯᠭᠡ ᠶᠢᠨ ᠣᠶᠢᠯᠠᠭᠠᠭᠳᠠᠬᠤᠨ ᠪᠠ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠰᠤᠷᠤᠯᠴᠠᠨ ᠲᠣᠯᠢᠯᠠᠵᠤ᠂ ᠲᠡᠷᠢᠭᠦᠨ ᠤ ᠬᠢᠷᠢ ᠲᠦᠪᠰᠢᠨ᠂ ᠤᠷᠢᠳᠴᠢᠯᠠᠭᠰᠠᠨ ᠰᠡᠳᠬᠢᠬᠦᠢ ᠪᠠᠷ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠡᠨᠡ ᠵᠢᠯ ᠤᠨ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠠᠳᠬᠤᠵᠤ᠂ ᠨᠡᠩ ᠥᠨᠳᠥᠷ ᠪᠠᠷᠢᠮᠵᠢᠶ᠎ᠠ ᠪᠠᠷ ᠠᠵᠤ ᠠᠬᠤᠢ ᠶᠢᠨ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾  ᠤᠨ ᠦᠢᠯᠡᠳᠦᠯ ᠢ ᠢᠯᠡᠷᠡᠭᠦᠯᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠲᠤᠰᠬᠠᠶᠢᠵᠢᠭᠰᠠᠨ ᠰᠡᠳᠬᠢᠬᠦᠢ ᠪᠠᠷ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠪᠣᠯᠣᠨ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠳᠣᠷᠣᠭᠰᠢ ᠤᠷᠲᠤᠳᠬᠠᠵᠤ᠂ ᠠᠵᠤ ᠦᠢᠯᠡᠰ ᠤᠨ ᠲᠡᠰ ᠳᠠᠪᠬᠤᠷᠭ᠎ᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢᠨ ᠥᠷᠢᠰᠦᠯᠳᠦᠭᠡᠨ ᠤ ᠳᠠᠪᠠᠭᠤᠯᠢᠭ ᠢ ᠨᠡᠮᠡᠭᠳᠡᠭᠦᠯᠬᠦ ᠬᠡᠷᠡᠭᠲᠡᠢ᠃ ᠪᠡᠯᠡ ᠮᠥᠩᠭᠦ ᠶᠢ ᠪᠣᠳᠠᠲᠠᠶᠢᠵᠢᠭᠤᠯᠬᠤ ᠪᠠ ᠠᠵᠢᠯ ᠡᠬᠢᠯᠡᠭᠦᠯᠬᠦ ᠲᠦᠷᠦᠯ ᠵᠦᠢᠯ ᠢᠶᠠᠷ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢ ᠲᠤᠯᠭᠠᠭᠤᠷᠢᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠭᠠᠨ ᠬᠦᠴᠦᠨ ᠲᠠᠢ᠂ ᠲᠦᠷᠦᠯ ᠵᠦᠢᠯ ᠤᠨ ᠪᠡᠯᠡ ᠣᠷᠣᠭᠤᠯᠤᠯᠲᠠ ᠡᠷᠴᠢᠮ ᠲᠠᠢ᠂ ᠠᠵᠢᠯ ᠶᠠᠪᠤᠳᠠᠯ ᠶᠢ ᠬᠢᠨᠠᠨ ᠵᠥᠪᠰᠢᠶᠡᠷᠡᠬᠦ ᠳᠡᠭᠡᠨ ᠬᠤᠷᠳᠤᠴᠠ ᠲᠠᠢ᠂ ᠠᠵᠤ ᠠᠬᠤᠶᠢᠯᠠᠯ ᠳᠤ ᠦᠢᠯᠡᠴᠢᠯᠡᠬᠦ ᠳᠡᠭᠡᠨ ᠬᠠᠯᠠᠭᠤᠮᠰᠤᠭ ᠪᠠᠶᠢᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠵᠠᠮ᠂ ᠠᠭᠤᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠦᠷᠭᠦᠯᠵᠢᠯᠡᠨ ᠬᠦᠴᠦᠯᠡᠨ ᠨᠥᠬᠦᠪᠦᠷᠢᠯᠡᠵᠦ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠬᠤᠳᠠᠯᠳᠤᠭ᠎ᠠ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠰᠠᠶᠢᠲᠤᠷ ᠪᠠᠶᠢᠭᠤᠯᠵᠤ᠂ ᠠᠵᠤ ᠠᠬᠤᠶᠢᠯᠠᠯ ᠢ ᠰᠠᠭᠤᠷᠢᠰᠢᠭᠤᠯᠵᠤ᠂ ᠠᠵᠢᠯᠲᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠠᠯᠠᠯᠲᠠ ᠪᠠᠨ ᠪᠠᠲᠤ ᠰᠠᠬᠢᠵᠤ᠂ ᠰᠢᠨ᠎ᠡ ᠳᠠᠷᠤᠭ᠎ᠠ ᠬᠠᠭᠤᠴᠢᠨ ᠳᠠᠩᠰᠠ ᠶᠢ ᠳᠠᠭᠠᠭᠠᠵᠤ᠂  ᠬᠡᠯᠡᠭᠰᠡᠨ ᠳᠡᠭᠡᠨ ᠡᠵᠡᠨ ᠰᠠᠭᠤᠵᠤ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠪᠡᠶᠡᠯᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ ᠳᠦᠷᠢ ᠲᠥᠷᠬᠦ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠺᠠᠳ᠋ᠷ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠪᠣᠳᠠᠲᠤ ᠠᠮᠵᠢᠯᠲᠠ ᠪᠠᠷ ᠪᠠᠭᠠᠲᠤᠷ ᠢ ᠦᠨᠡᠯᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠬᠥᠮᠥᠨ ᠬᠡᠷᠡᠭᠯᠡᠬᠦ ᠤᠳᠤᠷᠢᠳᠤᠮᠵᠢ ᠪᠠᠷ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号