ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠥᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠪᠠ
ᠨᠡᠶᠢᠲᠡᠯᠡᠭᠰᠡᠨ ᠴᠠᠭ᠄
2024/2/28
     2024 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠡ ᠳᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠢᠳᠡᠭᠡᠨ ᠤ ᠠᠮᠤᠷ ᠲᠥᠪᠰᠢᠨ ᠢ ᠪᠠᠲᠤᠯᠠᠭᠰᠠᠨ ᠪᠠᠶᠢᠨ᠎ᠠ᠃      ᠲᠣᠰ ᠤᠳᠠᠭᠠᠨ ᠤ ᠪᠠᠶᠢᠴᠠᠭᠠᠯᠲᠠ ᠨᠢ ᠰᠤᠷᠭᠠᠭᠤᠯᠢ ᠶᠢᠨ ᠬᠤᠭᠤᠯᠠᠨ ᠬᠡᠷ ᠤᠨ ᠵᠥᠪᠰᠢᠶᠡᠷᠡᠯ ᠤᠨ ᠬᠠᠮᠢᠶᠠᠷᠤᠯᠲᠠ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠲᠦᠭᠦᠬᠡᠶ ᠮᠠᠲ᠋ᠧᠷᠢᠶᠠᠯ ᠤᠨ ᠡᠵᠡᠮᠳᠡᠯ᠂ ᠪᠡᠯᠡᠳᠬᠡᠮᠵᠢ ᠲᠥᠬᠦᠭᠡᠷᠦᠮᠵᠢ᠂ ᠪᠣᠯᠪᠠᠰᠤᠷᠠᠭᠤᠯᠤᠨ ᠦᠢᠯᠡᠳᠬᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠲᠥᠬᠦᠭᠡᠷᠦᠮᠵᠢ᠂ ᠢᠳᠡᠭᠡᠨ ᠤ ᠥᠯᠢᠭᠡᠷ ᠡᠳ᠋ ᠦᠯᠡᠳᠡᠭᠡᠬᠦ ᠲᠥᠬᠦᠭᠡᠷᠦᠮᠵᠢ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠬᠠᠳᠠᠭᠠᠯᠠᠯᠲᠠ ᠵᠡᠷᠭᠡ ᠲᠠᠯ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠡᠭᠦᠨ ᠤ ᠬᠠᠮᠲᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠭᠠᠵᠤ ᠭᠠᠷᠭᠠᠬᠤ ᠶᠢᠨ ᠬᠠᠮᠲᠤ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠬᠡᠮ ᠰᠣᠭᠤᠭ ᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠢᠳᠡᠭᠡᠨ ᠤ ᠡᠵᠡᠩᠨᠡᠯᠲᠡ ᠶᠢᠨ ᠨᠢᠭᠡᠴᠢ ᠳᠤ ᠬᠦᠴᠦᠨ ᠪᠦᠬᠦᠢ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠳᠠᠭᠠᠨ ᠬᠤᠭᠤᠴᠠᠭ᠎ᠠ ᠨᠢ ᠥᠩᠭᠡᠷᠡᠭᠰᠡᠨ ᠢᠳᠡᠭᠡᠨ ᠪᠠᠶᠢᠬᠤ ᠡᠰᠡᠬᠦ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ︽ᠭᠤᠷᠪᠠ ᠦᠭᠡᠶ︾ ᠢᠳᠡᠭᠡᠨ ᠢ ᠪᠣᠷᠣᠯᠠᠭᠤᠯᠤᠭᠰᠠᠨ ᠡᠰᠡᠬᠦ᠂ ᠡᠵᠡᠩᠨᠡᠯᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠪᠠᠶᠢᠳᠠᠯ ᠵᠡᠷᠭᠡ ᠠᠭᠤᠯᠭ᠎ᠠ ᠶᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷ ᠤᠨ ᠪᠠᠶᠢᠴᠠᠭᠠᠯᠲᠠ ᠪᠠᠨ ᠴᠢᠩᠭᠠᠳᠬᠠᠨ᠂ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠭᠴᠢᠳ ᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠰᠡᠷᠭᠡᠶᠢᠯᠡᠨ ᠬᠢᠵᠠᠭᠠᠷᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠣᠷ ᠲᠥᠪᠰᠢᠨ ᠢ ᠪᠠᠲᠤᠯᠠᠬᠤ ᠪᠣᠯᠣᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号