ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/2/28
     2 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠯᠢᠦ ᠰᠢᠶᠤᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 23 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠭ᠎ᠠ᠂ ᠬᠢᠨᠠᠨ ᠪᠤᠳᠤᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡᠬᠦ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠣᠯᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠬᠤᠷᠢᠨᠭᠡᠷ ᠰᠢᠶᠠᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠲᠡᠷᠡ ᠬᠡᠪ ᠢᠶᠠᠷ ᠨᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠢᠨᠭᠡᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠬᠤᠷᠠᠯ ᠠᠴᠠ ᠮᠠᠨ ᠤ ᠰᠢᠶᠠᠨ ᠤ ᠬᠢᠨᠠᠨ ᠪᠣᠳᠣᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠵᠠᠩᠭᠢᠯᠠᠭ᠎ᠠ ᠶᠢᠨ ᠬᠦᠷᠢᠶᠡᠨ ᠳᠠᠬᠢ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠢᠨᠠᠨ ᠪᠤᠳᠤᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭ᠎ᠠ ᠠᠴᠠ ᠭᠠᠷᠳᠠᠨ ᠬᠢᠵᠦ᠂ ᠬᠤᠷᠢᠨᠭᠡᠷ ᠰᠢᠶᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠮᠡᠯ ᠴᠡᠭ ᠤᠨ ᠠᠰᠠᠭᠤᠳᠠᠯ ᠢᠶᠠᠷ ᠰᠢᠪᠲᠤᠯᠤᠯᠲᠠ ᠶᠢᠨ ᠴᠡᠭ ᠪᠣᠯᠭᠠᠵᠤ ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠴᠢᠨᠠᠷ ᠰᠠᠶᠢᠲᠠᠢ ᠬᠢᠨᠠᠨ ᠪᠤᠳᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠮᠠᠨ ᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ︽ᠵᠢᠷᠭᠤᠭᠠᠨ ᠢᠨᠵᠧᠨᠧᠷᠢᠩ︾ ᠤᠨ ᠠᠵᠢᠯ ᠤᠨ ᠲᠥᠰᠦᠯ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠵᠢᠴᠢ ︽ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号