ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠾᠧ ᠼᠠᠢ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠴᠠᠨ᠎ᠠ ᠴᠡᠴᠡᠭ ᠲᠠᠷᠢᠬᠤ ᠠᠵᠤ ᠦᠢᠯᠡᠰ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/2/3
     1 ᠳ᠋ᠣᠭᠡᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠾᠧ ᠼᠠᠢ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠴᠠᠨ᠎ᠠ ᠴᠡᠴᠡᠭ ᠳᠠᠷᠢᠬᠤ ᠠᠵᠤ ᠦᠢᠯᠡᠰ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠥᠪᠥᠷ ᠮᠣᠩᠭᠤᠯ ᠤᠨ ᠾᠧ ᠼᠠᠢ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠯᠢᠶᠠᠨ ᠳ᠋ᠢ ᠲᠠᠢ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤᠬᠢᠷᠠᠯᠴᠠᠪᠠ᠃      ᠲᠤᠰ ᠤᠳᠠᠭ᠎ᠠ ᠶᠢᠨ ᠭᠡᠷ᠎ᠡ ᠲᠣᠭᠲᠠᠭᠰᠠᠨ ᠨᠢ ᠮᠠᠨ ᠤ ᠰᠢᠶᠠᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠣᠭᠴᠠᠯᠠᠯᠲᠠ ᠴᠠᠨ᠎ᠠ ᠴᠡᠴᠡᠭ ᠳᠠᠷᠢᠬᠤ ᠠᠵᠤ ᠦᠢᠯᠡᠰ ᠮᠥᠨ ᠴᠢᠨᠠᠷ ᠤᠨ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ᠂ ᠮᠠᠨ ᠤ ᠰᠢᠶᠠᠨ ᠤ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠴᠠᠨ᠎ᠠ ᠴᠡᠴᠡᠭ ᠳᠠᠷᠢᠬᠤ ᠠᠵᠤ ᠦᠢᠯᠡᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠡᠩ ᠶᠡᠭᠡ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠦᠷᠭᠡᠨ ᠪᠤᠢ ᠪᠣᠯᠭᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃      ᠥᠪᠥᠷ ᠮᠣᠩᠭᠤᠯ ᠤᠨ ᠾᠧ ᠼᠠᠢ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠧᠩ ᠭᠤᠸᠠᠨ ᠪᠠᠯᠭᠠᠰᠤ᠂ ᠱᠧᠩ ᠯᠧ ᠤᠯᠤᠰ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号