ᠬᠤᠷᠢᠨᠭᠡᠷ ᠰᠢᠶᠠᠨ ᠤ ᠲᠢᠶᠠᠨ ᠬᠤᠤ ᠰᠢᠯᠦᠨ ᠰᠢᠷᠬᠡᠭ ᠤᠨ ᠲᠥᠷᠥᠯ ᠵᠦᠢᠯ ᠤᠨ ᠲᠤᠷᠰᠢᠯᠲᠠ ᠶᠢᠨ ᠰᠢᠲᠠᠭᠠᠬᠤ ᠵᠣᠤᠬ᠎ᠠ ᠶᠢᠨ ᠲᠠᠲᠠᠮᠠᠯ ᠰᠢᠷᠬᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/2/5
     ᠥᠪᠥᠷ ᠮᠣᠩᠭᠤᠯ ᠤᠨ ᠲᠢᠶᠠᠨ ᠬᠤᠤ ᠰᠢᠯᠦᠨ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠦᠷᠦᠯ ᠵᠦᠢᠯ ᠳᠤ ᠰᠠᠭᠤᠷᠢᠯᠠᠨ ᠠᠬᠢᠴᠠ ᠶᠢ ᠠᠳᠬᠤᠵᠤ᠂ ᠠᠵᠢᠯᠳᠠᠨ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠣᠯᠵᠠᠢ᠃ ᠣᠳᠣᠬᠠᠨ ᠳᠤ᠂ ᠲᠥᠷᠥᠯ ᠵᠦᠢᠯ ᠤᠨ ᠠᠬᠢᠴᠠ ᠪᠠᠶᠠᠷᠯᠠᠭᠤᠰᠢᠲᠠᠶ ᠪᠠᠶᠢᠨ᠎ᠠ᠂ 2 ᠰᠠᠷ᠎ᠠ ᠶᠢᠨ 4 ᠤ ᠡᠳᠦᠷ᠂ ᠨᠡᠶᠢᠲᠡ 60 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠲᠢᠶᠠᠨ ᠬᠤᠤ ᠰᠢᠯᠦᠨ ᠰᠢᠷᠬᠡᠭ ᠤᠨ ᠲᠥᠷᠥᠯ ᠵᠦᠢᠯ ᠤᠨ ᠲᠤᠷᠰᠢᠯᠲᠠ ᠶᠢᠨ ᠰᠢᠲᠠᠭᠠᠬᠤ ᠵᠣᠤᠬ᠎ᠠ ᠲᠠᠲᠠᠮᠠᠯ ᠰᠢᠷᠬᠡᠭ ᠲᠠᠲᠠᠬᠤ ᠠᠵᠢᠯ ᠤᠨ ᠳᠠᠷᠠᠭᠠᠯᠠᠯ ᠢᠶᠠᠨ ᠡᠬᠢᠯᠡᠭᠦᠯᠪᠡ᠃      ᠦᠢᠯᠡᠳᠪᠦᠷᠢᠯᠡᠯ ᠤᠨ ᠲᠠᠰᠤᠭ ᠤᠨ ᠲᠤᠬᠠᠶ ᠶᠢᠨ ᠲᠠᠯᠠᠪᠤᠷ ᠲᠤ᠂ ᠬᠥᠳᠡᠯᠭᠡᠬᠦ ᠲᠥᠬᠦᠭᠡᠷᠦᠮᠵᠢ᠂ ᠡᠭᠦᠰᠭᠡᠷ ᠮᠠᠲ᠋ᠧᠷᠢᠶᠠᠯ ᠢ ᠤᠷᠢᠳᠴᠢᠯᠠᠨ ᠬᠠᠯᠠᠭᠠᠬᠤ᠂ ᠡᠬᠢᠯᠡᠨ ᠤᠲᠠᠰᠤ ᠲᠠᠲᠠᠬᠤ᠂ ᠤᠭ ᠰᠢᠷᠬᠡᠭ ᠢ ᠲᠠᠰᠤᠯᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠵᠤ᠂ ᠨᠢᠭᠡ ᠰᠢᠷᠬᠡᠭ ᠰᠢᠷᠬᠡᠭ ᠨᠢ ᠭᠡᠵᠢᠭᠡᠨ ᠤ ᠰᠢᠷᠬᠡᠭ ᠠᠴᠠ ᠪᠠᠰᠠ ᠨᠠᠷᠢᠨ ᠪᠠᠶᠢᠵᠤ᠂ ᠭᠡᠵᠢᠭᠡᠨ ᠤ ᠰᠢᠷᠬᠡᠭ ᠤᠨ 1/20-1/5 ᠲᠠᠢ ᠲᠡᠩᠴᠡᠵᠦ᠂ ᠳ᠋ᠢᠶᠠᠮᠧᠲᠷ ᠨᠢ ᠬᠡᠳᠦᠨ ᠮᠢᠺᠷᠤᠮᠤᠲᠷ ᠠᠴᠠ ᠬᠤᠷᠢᠨ ᠬᠡᠳᠦᠨ ᠮᠢᠺᠷᠤᠮᠤᠲᠷ ᠤᠨ ᠳᠠᠩ ᠰᠢᠷᠬᠡᠭ ᠨᠢ ᠰᠢᠨ᠎ᠡ ᠪᠠᠷ ᠭᠠᠷᠴᠤ ᠢᠷᠡᠨ᠂ ᠭᠠᠳᠠᠷᠭᠤ ᠶᠢ ᠨᠢ ᠳᠦᠷᠭᠢᠭᠰᠡᠨ ᠨᠣᠷᠭᠠᠭᠴᠢ ᠡᠳ᠋ ᠤᠨ ᠦᠢᠯᠡᠳᠦᠯ ᠳᠣᠣᠷ᠎ᠠ᠂ ᠨᠢᠭᠡ ᠪᠠᠭᠴᠠ ᠰᠢᠷᠬᠡᠭᠯᠢᠭ ᠤᠨ ᠤᠭ ᠰᠢᠷᠬᠡᠭ ᠢ ᠪᠦᠷᠢᠯᠳᠦᠭᠦᠯᠵᠡᠶ᠃      ︽ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠲᠤᠷᠰᠢᠯᠲᠠ ᠶᠢᠨ ᠰᠢᠲᠠᠭᠠᠬᠤ ᠵᠣᠤᠬ᠎ᠠ 1 ᠰᠠᠷ᠎ᠠ ᠶᠢᠨ 5 ᠤ ᠡᠳᠦᠷ ᠨᠣᠴᠣᠭᠠᠭᠰᠠᠨ ᠤ ᠳᠠᠷᠠᠭ᠎ᠠ᠂ ᠥᠨᠥᠳᠦᠷ ᠤᠨ ᠠᠮᠵᠢᠯᠲᠠ ᠲᠠᠢ ᠪᠠᠷ ᠲᠠᠲᠠᠭᠰᠠᠨ ᠶᠠᠪᠤᠳᠠᠯ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠰᠠ ᠨᠢᠭᠡᠨ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ︾ ᠭᠡᠵᠦ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠦᠢᠯᠡᠳᠪᠦᠷᠢᠯᠡᠵᠦ ᠭᠠᠷᠭᠠᠭᠰᠠᠨ ᠲᠠᠩ ᠤᠲᠠᠰᠤ ᠶᠢ ᠪᠣᠯᠪᠠᠰᠤᠷᠠᠭᠤᠯᠤᠭᠰᠠᠨ ᠤ ᠳᠠᠷᠠᠭ᠎ᠠ᠂ ᠶᠡᠷᠦ ᠳᠡᠭᠡᠨ ᠨᠡᠶᠢᠯᠡᠮᠡᠯ ᠮᠠᠲ᠋ᠧᠷᠢᠶᠠᠯ ᠤᠨ ᠳᠣᠲᠣᠷᠠᠬᠢ ᠴᠢᠩᠭᠠᠷᠠᠭᠤᠯᠤᠭᠰᠠᠨ ᠮᠠᠲ᠋ᠧᠷᠢᠶᠠᠯ᠂ ᠴᠠᠬᠢᠯᠭᠠᠨ ᠬᠥᠨᠳᠡᠶᠢᠷᠡᠭᠦᠯᠦᠭᠴᠢ ᠮᠠᠲ᠋ᠧᠷᠢᠶᠠᠯ ᠪᠠ ᠢᠯᠴᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠴᠠᠬᠢᠯᠭᠠᠨ ᠬᠡᠯᠬᠢᠶᠡᠨ ᠤ ᠰᠠᠭᠤᠷᠢ ᠬᠠᠪᠲᠠᠰᠤ ᠵᠡᠷᠭᠡ ᠤᠯᠤᠰ ᠠᠷᠠᠳ ᠤᠨ ᠠᠵᠤ ᠠᠬᠤᠶ ᠶᠢᠨ ᠡᠯ᠎ᠡ ᠬᠦᠷᠢᠶᠡᠨ ᠳᠤ ᠬᠡᠷᠡᠭᠯᠡᠵᠦ ᠪᠣᠯᠬᠤ ᠪᠥᠭᠡᠳ ᠥᠷᠭᠡᠨ ᠳᠡᠯᠭᠡᠷ ᠬᠡᠷᠡᠭᠯᠡᠭᠡᠨ ᠤ ᠢᠷᠡᠭᠡᠳᠦᠶ ᠲᠠᠢ ᠶᠤᠮ᠃ ᠡᠭᠦᠨ ᠤ ᠵᠡᠷᠭᠡ ᠳᠤ᠂ ᠠᠵᠤ ᠠᠬᠤᠶᠢᠯᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠰᠢᠲᠠᠭᠠᠬᠤ ᠵᠣᠤᠬ᠎ᠠ ᠶᠢ 2 ᠰᠠᠷ᠎ᠠ ᠶᠢᠨ 24 ᠤ ᠡᠳᠦᠷ ᠨᠣᠴᠣᠭᠠᠬᠤ ᠪᠠᠷ ᠵᠢᠱᠢᠵᠦ ᠪᠣᠶ᠂ 2024 ᠣᠨ ᠳᠤ ᠠᠵᠤ ᠠᠬᠤᠶᠢᠯᠠᠯ ᠤᠨ ᠬᠢᠨ ᠡᠭᠦᠷᠭᠡ ᠬᠠᠷᠠᠯᠲᠠ ᠪᠠᠨ ᠲᠣᠭᠲᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠤᠷᠢᠨᠭᠡᠷ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠲᠢᠶᠠᠨ ᠬᠤᠤ ᠰᠢᠯᠦᠨ ᠰᠢᠷᠬᠡᠭ ᠬᠤᠪᠢ ᠨᠡᠮᠡᠷᠢ ᠦᠵᠡᠭᠦᠯᠦᠨ᠎ᠡ ᠭᠡᠵᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号