︵ᠰᠤᠷᠪᠤᠯᠵᠢᠯᠠᠭᠴᠢ ᠴᠢ ᠰᠢᠶᠣᠣ ᠶᠠᠨ︶ ᠡᠨᠡ ᠵᠢᠯ ᠠᠴᠠ ᠨᠠᠭᠠᠰᠢ᠂ ᠮᠠᠨ ᠤ ᠬᠤᠲᠠ ᠶᠢᠨ ᠡᠵᠡᠩᠨᠡᠯᠲᠡ ᠶᠢᠨ | ᠭᠤᠣᠯ ᠴᠣᠭᠴᠠ ᠶᠢᠨ ᠪᠠᠶᠢᠭᠤᠯᠵᠤ ᠳᠠᠩᠰᠠᠯᠠᠬᠤ ᠲᠤᠬᠠᠶᠢᠯᠠᠭᠰᠠᠨ ᠠᠵᠢᠯ ᠴᠡᠴᠡᠭᠯᠡᠨ ᠬᠥᠭᠵᠢᠭᠰᠡᠨ ᠪᠠᠶᠢᠳᠠᠯ ᠲᠠᠢ | ᠪᠣᠯᠪᠠ᠃ 3 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ | 40 ᠲᠦᠮᠡ ᠶᠢ ᠳᠠᠪᠠᠵᠤ᠂ ᠡᠭᠦᠨ ᠳᠤ ᠠᠵᠤ ᠠᠬᠤᠶᠢᠯᠠᠯ 140762᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ 254536 ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 4735 ᠪᠠᠶᠢᠵᠤ᠂ | ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 35.19%᠂ 63.63%᠂ 1. | 18% ᠶᠢ ᠡᠵᠡᠯᠡᠪᠡ᠃ | ᠠᠵᠤ ᠦᠢᠯᠡᠰ ᠤᠨ ᠪᠦᠲᠦᠴᠡ ᠠᠴᠠ ᠦᠵᠡᠪᠡᠯ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠨᠢ ᠲᠣᠰ ᠲᠣᠰ 13488᠂ | 42643᠂ 343902 ᠪᠠᠶᠢᠵᠤ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ | 3.37%᠂ 10.66%᠂ 85.97% ᠶᠢ ᠡᠵᠡᠯᠡᠵᠦ ᠪᠣᠶ᠃ 2019 ᠣᠨ ᠤ ᠡᠴᠦᠰ ᠤᠨ ᠬᠢ ᠲᠠᠢ | ᠬᠠᠷᠢᠴᠠᠭᠤᠯᠪᠠᠯ᠂ ᠨᠢᠭᠡᠳᠦᠭᠡᠷ᠂ ᠬᠤᠶᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠲᠣᠰ ᠲᠣᠰ 0.22᠂ 2. | 78 ᠵᠠᠭᠤᠨ ᠤ ᠨᠢᠭᠡᠴᠢ ᠳᠡᠭᠡᠭᠰᠢᠯᠡᠵᠡᠢ᠃ ᠠᠵᠢᠯ ᠲᠥᠷᠥᠯ ᠤᠨ ᠲᠠᠷᠬᠠᠯᠲᠠ ᠠᠴᠠ ᠦᠵᠡᠪᠡᠯ᠂ ᠡᠵᠡᠩᠨᠡᠯᠲᠡ ᠶᠢᠨ | ᠭᠤᠣᠯ ᠴᠣᠭᠴᠠ ᠶᠢᠨ ᠡᠮᠦᠨ᠎ᠡ ᠲᠠᠪᠤ ᠳᠤ ᠵᠢᠭᠰᠠᠭᠠᠭᠳᠠᠭᠰᠠᠨ ᠠᠵᠢᠯ ᠲᠥᠷᠥᠯ ᠨᠢ ᠲᠣᠰ ᠲᠣᠰ ︽ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ | ︾ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾ ︽ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ︽ᠦᠢᠯᠡᠳᠬᠦ ᠦᠢᠯᠡᠰ︾ | ᠪᠠᠶᠢᠵᠤ᠂ ᠡᠵᠡᠯᠡᠬᠦ ᠬᠠᠷᠢᠴᠠᠯ ᠨᠢ ᠲᠣᠰ ᠲᠣᠰ 44.31%᠂ 10.74%᠂ 8.27%᠂ 6.84%᠂ | 5.79% ᠪᠣᠯᠣᠨ᠎ᠠ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠤᠭ᠎ᠠ 40 | ᠲᠦᠮᠡ ᠶᠢᠨ ᠰᠢᠨ᠎ᠡ ᠳᠡᠭᠲᠡᠷ ᠲᠤ ᠭᠠᠷᠤᠭᠰᠠᠨ ᠨᠢ ᠮᠠᠨ ᠤ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ | ᠦᠷᠭᠦᠯᠵᠢᠯᠡᠨ ᠰᠢᠯᠢᠳᠡᠭᠵᠢᠭᠰᠡᠨ ᠤ ᠦᠨᠡᠨ ᠪᠣᠳᠠᠲᠠᠢ ᠵᠢᠷᠤᠭᠯᠠᠯ ᠪᠣᠯᠣᠨ᠎ᠠ᠂ ᠮᠥᠨᠴᠦ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠳᠣᠲᠣᠭᠠᠳᠤ ᠬᠥᠳᠡᠯᠭᠡᠬᠦ ᠬᠦᠴᠦᠨ ᠬᠠᠩᠭᠠᠵᠠᠢ᠃ | ᠣᠳᠣᠬᠠᠨ ᠳᠤ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠨᠢᠭᠡᠨᠲᠡ ᠮᠠᠨ ᠤ ᠬᠤᠲᠠ ᠶᠢᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠯᠡᠬᠦ ᠬᠠᠷᠢᠴᠠᠯ ᠢᠶᠠᠷ ᠬᠠᠮᠤᠭ ᠤᠨ ᠶᠡᠭᠡ ᠪᠦᠷᠢᠯᠳᠦᠭᠦᠨ | ᠬᠡᠰᠡᠭ ᠪᠣᠯᠵᠤ᠂ ᠣᠲᠣ ᠪᠣᠯᠲᠠᠯ᠎ᠠ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠠᠷᠠᠳ ᠤᠨ ᠡᠵᠡᠩᠨᠡᠯᠲᠡ ᠶᠢᠨ ᠭᠤᠣᠯ | ᠴᠣᠭᠴᠠ 386315 ᠪᠠᠶᠢᠵᠤ᠂ ᠳᠠᠩᠰᠠᠯᠠᠭᠤᠯᠤᠭᠰᠠᠨ ᠬᠥᠷᠥᠩᠭᠡ ︵ᠮᠥᠩᠭᠦ︶ 0.99 ᠲᠦᠮᠡᠨ ᠳ᠋ᠦᠩᠰᠢᠭᠤᠷ | ᠲᠥᠭᠦᠷᠢᠭ ᠬᠦᠷᠴᠦ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 96.57%᠂ | 51.56% ᠶᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠦᠬᠡ ᠶᠢᠨ ᠲᠤᠭ᠎ᠠ ᠶᠢᠨ | ᠡᠵᠡᠯᠡᠬᠦ ᠬᠠᠷᠢᠴᠠᠯ 2019 ᠣᠨ ᠤ ᠡᠴᠦᠰ ᠤᠨ ᠬᠢ ᠠᠴᠠ 0.13 ᠵᠠᠭᠤᠨ ᠤ ᠨᠢᠭᠡᠴᠢ ᠳᠡᠭᠡᠭᠰᠢᠯᠡᠵᠡᠢ᠃ | ᠡᠭᠦᠨ ᠳᠤ᠂ ᠪᠣᠳᠠᠲᠠᠢ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 127044 ᠪᠠᠶᠢᠵᠤ᠂ | ᠳᠠᠩᠰᠠᠯᠠᠭᠤᠯᠤᠭᠰᠠᠨ ᠬᠥᠷᠥᠩᠭᠡ ︵ᠮᠥᠩᠭᠦ︶ 0.89 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠲᠣᠰ | ᠲᠣᠰ ᠠᠵᠤ ᠠᠬᠤᠶᠢᠯᠠᠯ ᠤᠨ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 90. | 25%᠂ 47.40% ᠶᠢ ᠡᠵᠡᠯᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠦᠬᠦ᠋ᠢᠯᠡ | ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠳᠠᠬᠢ ᠬᠤᠪᠢ ᠶᠢᠨ ᠵᠢᠩ ᠵᠢᠯ ᠳᠠᠷᠠᠭᠠᠯᠠᠨ ᠳᠡᠭᠡᠭᠰᠢᠯᠡᠵᠦ᠂ 2019 | ᠣᠨ ᠳᠤ 29.58% ᠪᠠᠶᠢᠭᠰᠠᠨ ᠠᠴᠠ 32.89% ᠪᠣᠯᠣᠨ ᠨᠡᠮᠡᠭᠳᠡᠵᠦ᠂ 3.31 ᠵᠠᠭᠤᠨ ᠤ ᠨᠢᠭᠡᠴᠢ | ᠳᠡᠭᠡᠭᠰᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠡᠪᠴᠢᠶ᠎ᠡ ᠪᠣᠯᠣᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠵᠡᠢ᠃ | |