︵ᠰᠤᠷᠪᠤᠯᠵᠢᠯᠠᠭᠴᠢ ᠯᠢᠦ ᠯᠢ ᠰᠢᠶᠠ︶ 3 ᠳ᠋ᠤᠭᠠᠷ ᠰᠠᠷ᠎ᠠ ᠶᠢᠨ 12 ᠤᠨ ᠡᠳᠦᠷ ᠪᠣᠯ 46 ᠳ᠋ᠤᠭᠠᠷ ᠮᠣᠳᠣ | ᠳᠠᠷᠢᠬᠤ ᠪᠠᠶᠠᠷ ᠤᠨ ᠡᠳᠦᠷ ᠪᠣᠯᠣᠨ᠎ᠠ᠂ ᠲᠤᠬᠠᠢ ᠶᠢᠨ ᠡᠳᠦᠷ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠰᠢᠨ᠎ᠡ ᠬᠤᠲᠠ ᠲᠣᠭᠤᠷᠢᠭ ᠤᠨ ᠰᠤᠶᠤᠯ ᠲᠠᠯᠠᠪᠠᠶ ᠳᠤ ᠣᠯᠠᠨ ᠬᠡᠯᠪᠡᠷᠢ ᠶᠢᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠲᠦᠮᠡᠨ ᠤ ᠨᠣᠭᠤᠭᠠᠷᠠᠭᠤᠯᠤᠯᠲᠠ ᠶᠢ ᠬᠠᠶᠢᠷᠠᠯᠠᠬᠤ᠂ | ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠤᠭᠤᠭᠠᠷᠠᠭᠤᠯᠬᠤ ᠤᠬᠠᠮᠰᠠᠷ ᠢ ᠤᠷᠢᠶᠠᠯᠠᠨ᠂ ᠦᠵᠡᠰᠬᠦᠯᠡᠩᠲᠦ ᠰᠠᠶᠢᠬᠠᠨ | ᠬᠥᠬᠡ ᠬᠤᠲᠠ ᠶᠢ ᠪᠦᠲᠦᠭᠡᠨ ᠪᠠᠶᠢᠭᠤᠯᠬᠤ ᠳᠤ ᠬᠤᠪᠢ ᠬᠥᠮᠥᠨ ᠤ ᠬᠦᠴᠦᠨ ᠴᠢᠳᠠᠯ ᠢᠶᠠᠨ ᠡᠷᠭᠦᠬᠦ ᠶᠢ ᠳᠠᠶᠢᠴᠢᠯᠠᠪᠠ | ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠬᠤᠳᠠ ᠶᠢᠨ ᠠᠷᠠᠳ ᠤᠯᠠᠨ ᠳᠤ ᠠᠯᠪᠠᠨ ᠵᠢᠷᠤᠮ ᠤᠨ | ᠮᠣᠳᠣ ᠲᠠᠷᠢᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠸᠠᠷ ᠴᠡᠴᠡᠭ ᠬᠦᠷᠭᠡᠵᠦ᠂ ᠡᠷᠲᠡᠨ ᠤ ᠮᠣᠳᠣ | ᠨᠡᠷᠡᠳᠦ ᠮᠣᠳᠣᠨ ᠤ ᠭᠡᠷᠡᠯ ᠵᠢᠷᠤᠭ ᠤᠨ ᠦᠵᠡᠭᠦᠯᠦᠯᠭᠡ ᠥᠷᠨᠢᠭᠦᠯᠵᠦ᠂ ᠤᠯᠠᠨ ᠤᠷᠠᠨ ᠰᠠᠶᠢᠬᠠᠨ ᠤ ᠪᠦᠯᠬᠦᠮ | ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠭᠠᠷᠭᠠᠵᠠᠢ᠃ | ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠰᠢᠦᠢ ᠹᠧᠢ ᠯᠢᠨ ᠲᠠᠨᠢᠯᠴᠠᠭᠤᠯᠬᠤ ᠳᠠᠭᠠᠨ᠂ ᠡᠨᠡ ᠵᠢᠯ ᠮᠠᠨ ᠤ ᠬᠤᠲᠠ ᠣᠶᠢᠵᠢᠭᠤᠯᠵᠤ | ᠨᠣᠭᠤᠭᠠᠷᠠᠭᠤᠯᠬᠤ᠂ ᠠᠰᠠᠷᠠᠨ ᠪᠣᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠡᠷᠭᠦᠨ ᠳᠠᠷᠢᠵᠤ ᠡᠷᠭᠦᠨ ᠠᠷᠠᠴᠢᠯᠠᠬᠤ᠂ | ᠪᠠᠶᠢᠭᠠᠯᠢ ᠶᠢᠨ ᠬᠠᠮᠠᠭᠠᠯᠠᠯᠲᠠ᠂ ᠲᠥᠬᠦᠭᠡᠷᠦᠮᠵᠢ ᠵᠠᠰᠠᠵᠤ ᠪᠠᠶᠢᠭᠤᠯᠬᠤ᠂ ᠡᠳ᠋ ᠮᠥᠩᠭᠦ ᠡᠳ᠋ ᠪᠣᠳᠠᠰ ᠬᠠᠨᠳᠢᠪᠯᠡᠬᠤ᠂ | ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ 8 ᠶᠡᠭᠡ ᠲᠥᠷᠥᠯ ᠤᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠯᠪᠡᠷᠢ ᠪᠠᠷ ᠳᠠᠮᠵᠢᠭᠤᠯᠤᠨ᠂ ᠵᠣᠬᠢᠬᠤ ᠨᠠᠰᠤᠨ ᠤ ᠠᠷᠠᠳ ᠢᠷᠭᠡᠳ ᠢ ᠵᠣᠬᠢᠶᠠᠨ ᠪᠠᠶᠢᠭᠤᠯᠵᠤ ᠪᠠᠶᠢᠭᠠᠳ 580 | ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠪᠠᠷ ᠲᠥᠯᠥᠪᠯᠡᠵᠦ ᠪᠠᠶᠢᠨ᠎ᠠ ᠭᠡᠵᠡᠢ᠃ ᠨᠠᠮ ᠵᠠᠰᠠᠭ | ᠴᠡᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠪᠠᠷ ᠵᠢᠱᠢᠶ᠎ᠡ ᠪᠣᠯᠭᠠᠵᠤ᠂ ᠪᠦᠬᠦ ᠨᠡᠶᠢᠭᠡᠮ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠥᠨ ᠳᠠᠭᠠᠭᠤᠯᠤᠨ᠎ᠠ︔ ᠬᠤᠳᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠮᠣᠳᠣ ᠳᠠᠷᠢᠬᠤ ᠠᠵᠢᠯᠯᠠᠭ᠎ᠠ ᠪᠠᠷ ᠳᠠᠶᠢᠴᠢᠯᠠᠯᠲᠠ ᠪᠣᠯᠭᠠᠵᠤ᠂ ᠣᠶᠢᠵᠢᠭᠤᠯᠵᠤ ᠨᠣᠭᠤᠭᠠᠷᠠᠭᠤᠯᠬᠤ | ᠰᠢᠨ᠎ᠡ ᠥᠷᠨᠢᠯᠲᠡ ᠶᠢ ᠪᠤᠢ ᠪᠤᠯᠭᠠᠨ᠎ᠠ︔ ᠬᠤᠰᠢᠭᠤ ᠰᠢᠶᠠᠨ ᠲᠣᠭᠤᠷᠢᠭ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠬᠦᠮᠦᠰ ᠢ ᠪᠦᠬᠦᠨ ᠢ | ᠬᠠᠮᠤᠷᠬᠤ ᠶᠢ ᠠᠬᠢᠭᠤᠯᠤᠨ᠎ᠠ︔ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠰᠢᠨ᠎ᠡ ᠶᠢ ᠡᠭᠦᠳᠬᠦ ᠪᠠᠷ | ᠭᠠᠷᠳᠠᠴᠠ ᠪᠣᠯᠭᠠᠵᠤ᠂ ᠵᠣᠬᠢᠬᠤ ᠨᠠᠰᠤᠨ ᠤ ᠠᠷᠠᠳ ᠢᠷᠭᠡᠳ ᠤᠨ ᠬᠠᠷᠢᠭᠤᠴᠠᠯᠭ᠎ᠠ ᠪᠠᠨ ᠭᠦᠢᠴᠡᠳᠬᠡᠬᠦ ᠨᠤᠷᠮ᠎ᠠ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ | ᠲᠠᠷᠢᠬᠤ ᠠᠵᠢᠯ ᠤᠨ ᠤᠷᠤᠭᠰᠢᠲᠠᠢ ᠥᠷᠨᠢᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ︽ᠢᠨᠲ᠋ᠧᠷ ᠰᠦᠯᠵᠢᠶ᠎ᠡ + ᠠᠯᠪᠠᠨ | ᠵᠢᠷᠤᠮ ᠤᠨ ᠮᠣᠳᠣ ᠳᠠᠷᠢᠬᠤ︾ ᠶᠢ ᠰᠠᠶᠢᠲᠤᠷ ᠠᠳᠬᠤᠨ᠎ᠠ᠃ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ | ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ︽ᠬᠠᠲᠤᠨ ᠭᠤᠣᠯ ᠢ ᠬᠠᠮᠠᠭᠠᠯᠠᠵᠤ᠂ ᠮᠣᠳᠣ ᠳᠠᠷᠢᠵᠤ ᠶᠠᠳᠠᠭᠤ ᠶᠢ | ᠲᠡᠳᠬᠦᠬᠦ ᠳᠤ ᠲᠤᠰᠠᠯᠠᠬᠤ︾ ︽ᠬᠤᠷᠢᠨᠬᠡᠷ ᠲᠤ ᠨᠢᠭᠡ ᠰᠠᠭᠤᠷᠢ ᠮᠤᠳᠤ ᠲᠠᠷᠢᠬᠤ︾ ︽ᠬᠠᠶᠢᠷ᠎ᠠ ᠬᠠᠯᠠᠮᠵᠢ ᠬᠦᠷᠭᠡᠵᠦ | ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢ ᠬᠠᠮᠠᠭᠠᠯᠠᠬᠤ︾ 4 ︽ᠢᠨᠲ᠋ᠧᠷ ᠰᠦᠯᠵᠢᠶ᠎ᠡ + ᠠᠯᠪᠠᠨ ᠵᠢᠷᠤᠮ ᠤᠨ | ᠮᠣᠳᠣ ᠳᠠᠷᠢᠬᠤ︾ ᠲᠥᠷᠥᠯ ᠵᠦᠢᠯ ᠢ ᠰᠠᠶᠢᠲᠤᠷ ᠴᠢᠮᠡᠨ ᠲᠠᠨᠢᠯᠴᠠᠭᠤᠯᠵᠤ᠂ ᠨᠡᠶᠢᠭᠡᠮ ᠤᠨ ᠠᠩᠬᠠᠷᠤᠯ ᠢ ᠲᠠᠲᠠᠵᠤ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠷᠭ᠎ᠠ | ᠮᠠᠶ᠋ᠢᠭ ᠢᠶᠠᠷ ᠣᠷᠣᠯᠴᠠᠬᠤ ᠳᠤ ᠬᠦᠴᠢᠷᠳᠡᠯ ᠲᠠᠢ ᠨᠢᠭᠡᠴᠢ ᠪᠠ ᠬᠤᠪᠢ ᠬᠥᠮᠥᠨ ᠰᠦᠯᠵᠢᠶ᠎ᠡ ᠪᠠᠷ ᠪᠡᠯᠡ ᠮᠥᠩᠭᠦ | ᠬᠠᠨᠳᠢᠪᠯᠡᠬᠤ ᠠᠷᠭ᠎ᠠ ᠮᠠᠶ᠋ᠢᠭ ᠢᠶᠠᠷ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠬᠦ ᠶᠢ ᠳᠡᠮᠵᠢᠨ᠎ᠡ᠃ ᠳᠤᠷᠠᠰᠬᠠᠯ ᠤᠨ | ᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ | ᠬᠤᠳᠠ ᠶᠢᠨ ᠬᠡᠪᠴᠢᠶᠡᠨ ᠳᠤ ︽ᠨᠤᠲᠤᠭ ᠤᠰᠤ ᠪᠠᠨ ᠬᠠᠶᠢᠷᠠᠯᠠᠵᠤ᠂ ᠬᠥᠬᠡ ᠬᠤᠳᠠ ᠶᠢ ᠨᠣᠭᠤᠭᠠᠷᠠᠭᠤᠯᠬᠤ︾ | ᠳᠤᠷᠠᠰᠬᠠᠯ ᠤᠨ ᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ | ︽ᠵᠠᠯᠠᠭᠤᠴᠤᠳ ᠤᠨ ᠣᠶ︾ ︽ᠡᠮᠡᠭᠲᠡᠶᠢᠴᠦᠳ ᠤᠨ ᠣᠶ︾ ︽ᠬᠥᠳᠡᠯᠮᠦᠷᠢ ᠶᠢᠨ ᠵᠢᠱᠢᠶᠡᠴᠢ ᠶᠢᠨ ᠣᠶ︾ ︽ᠵᠣᠯ | ᠵᠢᠷᠭᠠᠯᠲᠤ ᠣᠶ︾ ︽ᠪᠤᠶᠢᠵᠢᠯᠲᠠ ᠶᠢᠨ ᠣᠶ︾ ︽ᠬᠤᠰᠢᠭᠤᠴᠢ ᠶᠢᠨ ᠣᠶ︾ ︽ᠠᠵᠤ ᠠᠬᠤᠶᠢᠯᠠᠯ ᠤᠨ ᠣᠶ︾ | ᠵᠡᠷᠭᠡ 14 ᠲᠤᠰᠬᠠᠢ ᠳᠤᠷᠠᠰᠬᠠᠯ ᠤᠨ ᠣᠶ ᠶᠢ ᠪᠣᠶ ᠪᠣᠯᠭᠠᠬᠤ ᠪᠠᠷ ᠳᠠᠮᠵᠢᠭᠤᠯᠤᠨ᠂ ︽ᠨᠡᠶᠢᠲᠡ ᠶᠢᠨ ᠠᠰᠠᠷᠠᠮᠵᠢ ᠶᠢᠨ | ᠨᠤᠭᠤᠭᠠᠷᠠᠭᠤᠯᠬᠤ ᠪᠠ ᠨᠣᠭᠤᠭᠠᠷᠠᠭᠤᠯᠤᠯᠲᠠ ᠶᠢ ᠬᠥᠭᠵᠢᠭᠦᠯᠬᠦ︾ ᠠᠵᠢᠯᠯᠠᠭ᠎ᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ |