ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ — ᠶᠡᠷᠦᠩᠬᠡᠢ ᠱᠦᠵᠢ ᠰᠢ ᠶᠢᠨ ᠫᠢᠩ 2024 ᠣᠨ ᠤ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠬᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠭᠰᠡᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2024/3/14
      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ 2024 ᠣᠨ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠢᠷᠠᠭᠤ ᠰᠠᠶᠢᠬᠠᠨ ᠬᠠᠭᠤᠳᠠᠰᠤ ᠪᠢᠴᠢᠭᠯᠡᠭᠳᠡᠬᠦ ᠨᠢ ᠯᠠᠪᠲᠠᠢ –      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠃ ᠡᠭᠦᠨ ᠤ ᠬᠠᠮᠲᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠᠨ ᠤᠭᠲᠤᠨ ᠠᠪᠤᠯ᠎ᠠ᠃      ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠲᠥᠯᠥᠪᠵᠢᠭᠦᠯᠦᠯᠲᠡ ᠪᠠᠶᠢᠷᠢᠯᠠᠭᠤᠯᠤᠯᠲᠠ ᠬᠢᠯ᠎ᠡ᠃      ᠣᠶᠢᠷ᠎ᠠ ᠶᠢᠨ ᠡᠳᠦᠷ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠵᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤᠨᠢ ᠣᠷᠣᠯᠴᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ — ︽ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠤᠨ᠎ᠠ︾      ᠰᠢᠨ᠎ᠡ ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠦᠢᠯᠡᠳᠦᠯᠭᠡ ᠨᠢ ᠰᠢᠨ᠎ᠡ ᠬᠥᠭᠵᠢᠯᠲᠡ ᠶᠢᠨ ᠤᠨᠤᠯ ᠢᠶᠠᠷ ᠵᠢᠯᠣᠭᠤᠳᠤᠭᠤᠯᠬᠤ ᠴᠢᠬᠤᠯᠠᠲᠠᠢ᠃ ᠨᠢᠳᠤᠨᠤᠨ ᠠᠴᠠ ᠨᠠᠭᠠᠰᠢ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠪᠠᠰᠠ ᠨᠢᠭᠡ ᠤᠳᠠᠭ᠎ᠠ ᠪᠠᠶᠠᠯᠢᠭᠵᠢᠨ ᠬᠥᠭᠵᠢᠪᠡ –      ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ︾ ᠭᠡᠬᠦ ᠴᠢᠬᠤᠯᠠ ᠶᠡᠭᠡ ᠤᠬᠠᠭᠳᠠᠬᠤᠨ ᠢ ᠳᠤᠷᠠᠳᠤᠭᠰᠠᠨ ᠠᠴᠠ ᠠᠪᠤᠭᠠᠳ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠴᠢᠬᠤᠯᠠ ᠪᠠᠶᠢᠷᠢᠯᠠᠭᠤᠯᠤᠯᠲᠠ ᠬᠢᠭᠰᠡᠨ ᠭᠦᠷᠲᠡᠯ᠎ᠡ᠂ ᠲᠠᠭᠢᠭᠠᠳ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ ᠭᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠭᠦᠨ ᠭᠦᠨᠵᠡᠭᠡᠢ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠳᠡᠭᠡᠳᠦ ᠬᠡᠮᠵᠢᠶᠡᠨ ᠤ ᠤᠨᠤᠯ ᠤᠨ ᠤᠬᠠᠮᠰᠠᠷ ᠢᠶᠠᠷ ︽ᠶᠠᠭᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ᠂ ᠶᠠᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ︾ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃      ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠪᠦᠯᠭᠦᠮ ᠳᠤᠭᠤᠶᠢᠯᠠᠩ ᠳᠤ ᠬᠦᠷᠴᠦ᠂ ᠭᠤᠷᠪᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ︾ ᠤ ᠲᠤᠬᠠᠢ ᠶᠠᠷᠢᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ ᠢ ᠴᠢᠨᠠᠭᠰᠢᠳᠠ ᠲᠣᠳᠣᠷᠬᠠᠶᠢᠯᠠᠨ ᠥᠭᠦᠯᠡᠵᠡᠢ᠃      3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠃      ᠲᠢᠶᠠᠨ ᠾᠧ ᠭᠡᠷᠡᠯᠴᠢ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠢ ᠹᠠᠨ ᠲᠥᠯᠥᠭᠡᠯᠡᠭᠴᠢ ᠦᠭᠡ ᠬᠡᠯᠡᠬᠦ ᠦᠶ᠎ᠡ ᠳᠤ᠂ ᠭᠡᠷᠡᠯᠴᠢ ᠴᠡᠨᠡᠭ ᠤᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠭᠢᠯᠡᠭᠴᠢ ᠪᠤᠯᠬᠤ ᠲᠡᠭᠦᠨ ᠤ ᠨᠥᠭᠦᠭᠡ ᠨᠢᠭᠡ ᠪᠡᠶ᠎ᠡ ᠶᠢᠨ ᠭᠠᠷᠤᠯ ᠨᠢ ᠶᠡᠷᠦᠩᠬᠡᠢ ᠱᠦᠵᠢ ᠶᠢᠨ ᠠᠩᠬᠠᠷᠤᠯ ᠢ ᠲᠠᠲᠠᠪᠠ᠃      ︽ᠲᠠᠨ ᠤ ᠡᠨᠡ ᠬᠦ ᠲᠤᠷᠰᠢᠯᠲᠠ ᠶᠢᠨ ᠲᠠᠰᠤᠭ ᠴᠢᠨᠢ ᠬᠠᠮᠢᠭ᠎ᠠ ᠲᠣᠬᠢᠷᠠᠭᠤᠯᠤᠭᠰᠠᠨ ᠪᠤᠢ︖︾ ᠭᠡᠵᠦ ᠶᠡᠷᠦᠩᠬᠡᠢ ᠱᠦᠵᠢ ᠠᠰᠠᠭᠤᠪᠠ᠃      ︽ᠴᠠᠩᠵᠸᠦ ᠪᠣᠯᠣᠨ ᠱᠠᠩᠬᠠᠢ ᠳᠤ ᠪᠦᠷ ᠪᠤᠢ᠂ ᠪᠢᠳᠡ ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ ᠬᠤᠯᠪᠤᠭᠠᠯᠠᠨ ᠪᠦᠲᠦᠭᠡᠨ ᠪᠠᠶᠢᠭᠤᠯᠵᠤ᠂ ᠰᠠᠭᠤᠷᠢ ᠰᠤᠳᠤᠯᠭᠠᠨ᠂ ᠬᠤᠰᠢᠭᠤᠷᠠᠯ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠢ ᠨᠡᠪᠲᠡᠷᠡᠭᠦᠯᠵᠡᠢ︾ ᠭᠡᠵᠦ ᠭᠤᠤ ᠵᠢᠢ ᠹᠠᠨ ᠬᠡᠯᠡᠪᠡ᠃      ︽ᠭᠡᠷᠡᠯᠴᠢ ᠴᠡᠨᠡᠭ ᠤᠨ ᠠᠵᠤ ᠦᠢᠯᠡᠰ ᠢ ᠤᠯᠤᠰ ᠲᠠᠭᠠᠨ ᠦᠢᠯᠡᠳᠪᠦᠷᠢᠯᠡᠬᠦ ᠲᠠᠯ᠎ᠠ ᠠᠴᠠ ᠠᠪᠴᠤ ᠦᠵᠡᠪᠡᠯ ᠪᠠᠰᠠ ᠶᠠᠮᠠᠷ ᠳᠤᠲᠠᠭᠤᠳᠠᠯ ᠪᠠᠶᠢᠬᠤ ᠪᠤᠶ︖︾᠂ ︽ᠣᠳᠣ ᠴᠠᠭᠢᠯᠭᠠᠨ ᠲᠣᠣᠷ ᠲᠠᠢ ᠵᠠᠯᠭᠠᠬᠤ ᠳᠤ ᠶᠠᠮᠠᠷ ᠠᠰᠠᠭᠤᠳᠠᠯ ᠪᠠᠶᠢᠨ᠎ᠠ ᠦᠦ ︖︾ ᠭᠡᠵᠦ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠃      ᠭᠤᠤ ᠵᠢᠢ ᠹᠠᠨ ᠶᠡᠷᠦᠩᠬᠡᠢ ᠱᠦᠵᠢ ᠳᠤ᠂ ᠲᠡᠭᠦᠨ ᠤ ᠪᠠᠶᠢᠭ᠎ᠠ ᠠᠵᠤ ᠠᠬᠤᠶᠢᠯᠠᠯ ᠨᠢ 20 ᠭᠠᠷᠤᠢ ᠵᠢᠯ ᠤᠨ ᠲᠤᠷᠰᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠯᠴᠢ ᠴᠡᠨᠡᠭ ᠤᠨ ᠬᠦᠷᠢᠶᠡᠨ ᠤ ᠮᠡᠷᠭᠡᠵᠢᠯ ᠤᠨ ᠥᠨᠳᠦᠷᠯᠢᠭ ᠢ ᠴᠢᠷᠮᠠᠶᠢᠨ ᠡᠵᠡᠯᠡᠪᠡ᠃ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠠᠮ ᠢᠶᠠᠷ ᠵᠠᠮᠨᠠᠵᠤ᠂ ᠲᠣᠨᠣᠭᠯᠠᠯ᠂ ᠲᠦᠭᠦᠬᠡᠢ ᠮᠠᠲ᠋ᠧᠷᠢᠶᠠᠯ ᠢ ᠦᠨᠳᠦᠰᠦᠨ ᠳᠡᠭᠡᠨ ᠤᠯᠤᠰ ᠲᠠᠭᠠᠨ ᠦᠢᠯᠡᠳᠪᠦᠷᠢᠯᠡᠬᠦ ᠶᠢ ᠡᠵᠡᠮᠳᠡᠵᠦ ᠪᠣᠯᠣᠨ᠎ᠠ ᠭᠡᠵᠦ ᠬᠡᠯᠡᠵᠦ ᠥᠭᠴᠡᠢ᠃      ᠶᠡᠷᠦᠩᠬᠡᠢ ᠱᠦᠵᠢ ᠲᠣᠯᠣᠭᠠᠢ ᠳᠣᠬᠢᠨ ᠮᠠᠭᠲᠠᠨ ᠰᠠᠶᠢᠰᠢᠶᠠᠪᠠ᠃      ᠶᠡᠷᠦᠩᠬᠡᠢ ᠱᠦᠵᠢ ᠰᠢ ᠶᠢᠨ ᠫᠢᠩ ᠤᠨ ᠦᠵᠡᠬᠦ ᠪᠠᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ︽ᠣᠨᠴᠠᠯᠢᠭ ᠨᠢ ᠰᠢᠨ᠎ᠡ ᠶᠢ ᠡᠭᠦᠳᠬᠦ ᠳᠤ ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠢ︾᠃ ᠡᠭᠦᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠭᠤᠣᠯᠯᠠᠬᠤ ᠦᠢᠯᠡᠳᠦᠯ ᠦᠵᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠵᠦᠢᠯ ᠪᠣᠯᠣᠨ᠎ᠠ᠃      ᠨᠢᠳᠤᠨᠤᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠢᠶᠠᠩᠰᠤ ᠳᠤ ︽ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ ᠶᠢ ᠣᠯᠭᠤᠪᠠ᠃      ᠡᠨᠡ ᠤᠳᠠᠭ᠎ᠠ᠂ ᠶᠡᠷᠦᠩᠬᠡᠢ ᠱᠦᠵᠢ ᠵᠢᠶᠠᠩᠰᠤ ᠶᠢ ︽ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠨ ᠴᠣᠭᠴᠠᠯᠠᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ︾ ᠭᠡᠵᠦ ᠵᠣᠷᠢᠭᠵᠢᠭᠤᠯᠪᠠ᠃      ᠬᠢᠨᠠᠨ ᠵᠥᠪᠯᠡᠬᠦ ᠳᠤᠮᠳᠠ᠂ ᠵᠢᠶᠠᠩᠰᠤ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡ ᠵᠢᠯ ᠤᠨ ᠲᠤᠷᠰᠢᠬᠢ ᠡᠨᠡ ᠬᠦ ᠵᠡᠭᠦᠨ ᠣᠷᠣᠨ ᠤ ᠠᠵᠤ ᠠᠬᠤᠢ ᠶᠢᠨ ᠲᠣᠮᠣ ᠮᠤᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠄ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ 3.2% ᠣᠷᠴᠢᠮ ᠪᠠᠶᠢᠵᠤ᠂ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ 41.3% ᠪᠠ 49.9% ᠪᠤᠯᠲᠠᠯ᠎ᠠ ᠳᠡᠭᠡᠭᠰᠢᠯᠡᠭᠦᠯᠪᠡ ᠁      ︽ᠵᠢᠶᠠᠩᠰᠤ ᠪᠣᠯ ᠦᠢᠯᠡᠳᠬᠦ ᠦᠢᠯᠡᠰ ᠤᠨ ᠲᠣᠮᠣ ᠮᠤᠵᠢ ᠮᠥᠨ᠃ ᠪᠦᠭᠦ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠠ ᠨᠠᠷ ᠤᠨ ᠬᠢ 12.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠂ ᠶᠠᠭ ᠠᠷᠪᠠᠨ ᠤ ᠨᠢᠭᠡ ᠪᠣᠯᠣᠨ᠎ᠠ᠂ ᠲᠤᠩ ᠰᠦᠷᠡᠬᠡᠢ ᠪᠠᠶᠢᠨ᠎ᠠ᠃ ᠵᠢᠶᠠᠩᠰᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠨᠥᠬᠦᠴᠡᠯ ᠪᠣᠯᠣᠨ ᠴᠢᠳᠠᠪᠤᠷᠢ ᠲᠠᠢ ᠶᠤᠮ︾᠃ ᠶᠡᠷᠦᠩᠬᠡᠢ ᠱᠦᠵᠢ ᠰᠢ ᠶᠢᠨ ᠫᠢᠩ᠄ ︽ᠬᠡᠳᠦᠨ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ᠂ ᠪᠢ ᠠᠵᠤ ᠠᠬᠤᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠪᠦᠷ ᠭᠤᠸᠠᠩᠳᠦ᠋ᠩ᠂ ᠵᠢᠶᠠᠩᠰᠤ ᠵᠡᠷᠭᠡ ᠠᠵᠤ ᠠᠬᠤᠢ ᠶᠢᠨ ᠲᠣᠮᠣ ᠮᠤᠵᠢ ᠶᠢ ᠳᠤᠷᠠᠳᠴᠤ᠂ ᠲᠠ ᠨᠠᠷ ᠡᠨᠡ ᠬᠦ ᠨᠢᠷᠤᠭᠤ ᠶᠢ ᠲᠤᠯᠭᠠᠭᠤᠷᠢ ᠪᠤᠯᠬᠤ ᠦᠭᠡᠢ ᠪᠣᠯ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠶᠤᠮ ᠭᠡᠵᠦ ᠬᠡᠯᠡᠵᠦ ᠥᠩᠭᠡᠷᠡᠭᠰᠡᠨ ᠶᠤᠮ᠃ ᠲᠠ ᠨᠠᠷ ᠮᠠᠰᠢ ᠴᠢᠬᠤᠯᠠ ᠪᠠᠶᠢᠵᠤ᠂ ᠣᠷᠣᠯᠠᠭᠤᠯᠵᠤ ᠪᠣᠯᠣᠰᠢ ᠦᠭᠡᠢ︾ ᠭᠡᠵᠦ ᠬᠡᠯᠡᠪᠡ᠃      ᠠᠮᠵᠢᠯᠲᠠ ᠶᠢ ᠨᠤᠲᠠᠯᠠᠬᠤ ᠶᠢᠨ ᠵᠡᠷᠭᠡ ᠪᠠᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ᠄ ︽ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠠᠵᠠ ᠲᠣᠭᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ︾᠃      ᠡᠳᠡᠭᠡᠷ ᠦᠭᠡ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠪᠲᠤᠯᠤᠯᠲᠠ ᠶᠢᠨ ᠴᠡᠭ ᠪᠠ ᠭᠤᠣᠯ ᠰᠢᠪᠲᠤᠯᠬᠤ ᠴᠢᠭᠯᠡᠯ ᠢ ᠲᠣᠳᠣᠷᠬᠠᠢ ᠵᠢᠭᠠᠵᠤ ᠭᠠᠷᠭᠠᠪᠠ᠃      ︽ᠶᠠᠷᠢᠶᠠᠨ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠳᠦᠷᠭᠢᠯᠳᠦᠵᠦ᠂ ᠬᠥᠭᠡᠰᠦᠷᠡᠬᠦ ᠠᠴᠠ ᠰᠡᠷᠭᠡᠶᠢᠯᠡᠬᠦ ᠬᠡᠷᠡᠭᠲᠡᠢ᠂ ᠪᠠᠰᠠ ᠨᠢᠭᠡ ᠯᠡ ᠵᠦᠢᠯ ᠤᠨ ᠵᠠᠭᠪᠤᠷ ᠢᠶᠠᠷ ᠶᠠᠪᠤᠭᠳᠠᠭᠤᠯᠵᠤ ᠪᠤᠯᠬᠤ ᠦᠭᠡᠢ︾᠃ ᠶᠡᠷᠦᠩᠬᠡᠢ ᠱᠦᠵᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠨᠡᠩ ᠭᠦᠨᠵᠡᠭᠡᠢ ᠪᠣᠳᠣᠯᠬᠢᠯᠠᠯ ᠢᠶᠠᠨ ᠳᠡᠯᠭᠡᠯ᠎ᠡ᠃      ᠨᠢᠭᠡ ᠯᠡ ᠠᠳᠠᠯᠢ ᠦᠭᠡ ᠶᠢ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠡᠳᠦᠷ ᠨᠢ ᠶᠠᠪᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ᠃      3 ᠰᠠᠷ᠎ᠠ ᠶᠢᠨ 6 ᠤ ᠦᠳᠡ ᠶᠢᠨ ᠬᠤᠶᠢᠨ᠎ᠠ᠂ ᠪᠡᠭᠡᠵᠢᠩ ᠤᠨ ᠨᠥᠬᠦᠷᠯᠡᠯ ᠵᠣᠴᠢᠳ ᠤᠨ ᠪᠠᠭᠤᠳᠠᠯ ᠤᠨ ᠵᠢᠦᠢ ᠶᠢᠩ ᠲᠢᠩᠬᠢᠮ ᠳᠤ ᠠᠷᠠᠳᠴᠢᠯᠠᠭᠰᠠᠨ ᠪᠦᠯᠬᠦᠮᠳᠡᠯ ᠲᠠᠢ ᠪᠣᠳᠠᠲᠠᠢ ᠶᠢ ᠡᠷᠬᠢᠮᠯᠡᠵᠦ ᠡᠷᠡᠮᠡᠬᠡᠶᠢᠯᠡᠨ ᠤᠷᠤᠭᠰᠢᠯᠠᠬᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ᠂ ᠶᠠᠷᠢᠶᠠᠨ ᠤ ᠰᠡᠳᠦᠪ ᠠᠭᠠᠵᠢᠮ ᠢᠶᠠᠷ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ︾ ᠳᠡᠭᠡᠷ᠎ᠡ ᠲᠥᠪᠯᠡᠷᠡᠪᠡ᠃      ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠬᠢᠨ ᠠᠴᠠ ᠢᠷᠡᠭᠰᠡᠨ ᠵᠤᠤ ᠢᠦᠢ ᠯᠢᠶᠠᠩ ᠭᠡᠰᠢᠭᠦᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠪᠠᠷ ᠭᠠᠷᠳᠠᠴᠠ ᠪᠤᠯᠭᠠᠵᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠰᠠᠨᠠᠭᠤᠯᠪᠠ᠃      ᠲᠡᠷᠡ᠄ ︽ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠨᠢ ᠤᠯᠠᠨ ᠪᠤᠯᠪᠠᠴᠤ ᠨᠠᠶᠢᠳᠠᠪᠤᠷᠢᠵᠢᠭᠤᠯᠵᠤ ᠣᠨᠳᠣᠣᠰᠢᠭᠤᠯᠤᠭᠰᠠᠨ ᠨᠢ ᠪᠠᠭ᠎ᠠ᠃ ᠮᠠᠨ ᠤ ᠤᠯᠤᠰ ᠤᠨ ᠠᠵᠤ ᠠᠬᠤᠶᠢᠯᠠᠯ ᠤᠨ ᠲᠤᠰᠬᠠᠢ ᠠᠰᠢᠭ ᠤᠨ ᠤᠨᠳᠤᠤᠰᠢᠭᠤᠯᠤᠯᠳᠠ ᠪᠠᠰᠠ ᠨᠡᠯᠢᠶᠡᠳ ᠶᠡᠭᠡ ᠣᠷᠣᠨ ᠵᠠᠢ ᠲᠠᠢ ᠪᠠᠶᠢᠨ᠎ᠠ᠃ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ︿ᠬᠠᠷᠢᠯᠴᠠᠨ ᠤᠶᠠᠯᠳᠤᠬᠤ ᠳᠤ ᠪᠡᠷᠬᠡ﹀ ᠪᠠᠶᠢᠬᠤ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠦᠷᠢᠯᠳᠦᠬᠦ ᠶᠢ ᠬᠠᠷᠰᠢᠯᠠᠵᠤ ᠪᠠᠶᠢᠭ᠎ᠠ ᠪᠣᠭᠤᠮᠢ ᠮᠥᠨ︾ ᠭᠡᠵᠦ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠭᠦᠨ ᠲᠥᠷᠥᠭᠳᠡᠯ ᠲᠠᠢ ᠬᠡᠯᠡᠪᠡ᠃      ᠶᠡᠷᠦᠩᠬᠡᠢ ᠱᠦᠵᠢ ᠰᠢ ᠶᠢᠨ ᠫᠢᠩ᠄ ︽ᠥᠩᠭᠡᠷᠡᠭᠰᠡᠨ ᠤ ᠰᠤᠳᠤᠯᠭᠠᠨ ᠪᠣᠯᠣᠨ ᠦᠢᠯᠡᠳᠪᠦᠷᠢᠯᠡᠯ ᠠᠰ ᠠᠰ ᠲᠠᠭᠠᠨ ᠶᠠᠪᠤᠭᠳᠠᠵᠤ ᠪᠠᠶᠢᠭᠰᠠᠨ ᠶᠤᠮ᠂ ᠤᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠨᠤᠷᠮ᠎ᠠ ᠥᠩᠭᠡᠷᠡᠭᠰᠡᠨ ᠤ ᠬᠢ ᠠᠴᠠ ᠬᠤᠯᠠ ᠥᠨᠳᠥᠷ ᠪᠣᠯᠵᠠᠢ᠂ ᠢᠯᠠᠩᠭᠤᠶ᠎ᠠ ᠠᠵᠤ ᠠᠬᠤᠶᠢᠯᠠᠯ ᠤᠨ ᠲᠤᠰ ᠪᠡᠶ᠎ᠡ ᠶᠢᠨ ᠰᠢᠭᠤᠳ ᠰᠤᠳᠤᠯᠤᠨ ᠨᠡᠭᠡᠭᠡᠯᠲᠡ ᠨᠢ ᠦᠷ᠎ᠡ ᠪᠦᠲᠦᠭᠡᠯ ᠢ ᠣᠨᠳᠣᠣᠰᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤ ᠶᠢᠨ ᠴᠣᠭᠴᠠ ᠶᠢ ᠪᠦᠷᠢᠯᠳᠦᠭᠦᠯᠪᠡ᠂ ᠡᠶᠢᠮᠦᠷᠬᠦᠦ ᠬᠠᠨᠳᠤᠰᠢ ᠴᠢᠭᠯᠡᠯ ᠨᠢ ᠵᠥᠪ ᠪᠠᠶᠢᠨ᠎ᠠ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠤᠷᠮᠠᠰᠢᠭᠤᠯᠤᠨ ᠵᠣᠷᠢᠭᠵᠢᠭᠤᠯᠬᠤ᠂ ᠠᠬᠢᠭᠤᠯᠬᠤ ᠲᠦᠷᠦ ᠶᠢᠨ ᠪᠣᠳᠣᠯᠭ᠎ᠠ ᠶᠢ ᠤᠯᠠᠮ ᠰᠠᠶᠢᠲᠤᠷ ᠠᠳᠬᠤᠬᠤ ᠬᠡᠷᠡᠭᠲᠡᠢ︾ ᠭᠡᠵᠦ ᠬᠠᠷᠢᠭᠤᠯᠪᠠ᠃      ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ᠂ ︽ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠤᠭᠤᠳᠬᠤ ᠬᠡᠷᠡᠭᠲᠡᠢ︾ ᠭᠡᠵᠦ ᠴᠢᠬᠤᠯᠠᠴᠢᠯᠠᠪᠠ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠳᠤ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠣᠭᠤᠮᠢ ᠶᠢ ᠬᠦᠴᠦᠯᠡᠨ ᠨᠡᠪᠲᠡᠷᠡᠭᠦᠯᠬᠦ ᠬᠡᠷᠡᠭᠲᠡᠢ︾ ᠭᠡᠵᠦ ᠳᠤᠷᠠᠳᠴᠠᠢ︔ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ᠂ ︽ᠨᠡᠩ ᠤᠯᠠᠨ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠵᠡᠮᠰᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ︾ ᠭᠡᠵᠦ ᠱᠠᠭᠠᠷᠳᠠᠪᠠ︔ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ︾ ᠭᠡᠵᠦ ᠱᠠᠭᠠᠷᠳᠠᠪᠠ ᠁      ᠣᠳᠣᠬᠠᠨ ᠪᠠ ᠠᠯᠤᠰ ᠭᠡᠲᠦ ᠳᠤ ᠰᠠᠭᠤᠷᠢᠯᠠᠨ᠂ ᠣᠷᠣᠨ ᠪᠦᠰᠡ ᠪᠠ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠤᠯᠠᠮ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠠᠶᠠᠯᠠᠯ ᠢ ᠵᠢᠯᠣᠭᠤᠳᠤᠨ ᠴᠢᠭᠯᠡᠯ ᠢ ᠲᠣᠭᠲᠠᠭᠠᠵᠠᠢ᠃      ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢᠰᠤᠩᠭᠤᠢ ᠠᠷᠭ᠎ᠠ – ︽ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠣᠬᠢᠮᠤᠢ︾      ︽ᠪᠢᠳᠡ ᠨᠢᠩᠰᠢᠶᠠ ᠶᠢᠨ ᠭᠦᠶᠤᠸᠠᠨ ᠳᠤ ᠤᠰᠤᠨ ᠤ ᠣᠷᠴᠢᠨ ᠲᠣᠭᠤᠷᠢᠨ ᠤ ᠵᠠᠰᠠᠯᠲᠠ ᠬᠢᠵᠦ ᠪᠠᠶᠢᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠴᠠᠢ ᠬᠤᠭᠤᠯᠠ ᠬᠦᠷᠭᠡᠵᠦ᠂ ᠮᠠᠨ ᠤ ᠠᠵᠢᠯ ᠢ ᠳᠡᠮᠵᠢᠪᠡ︾      ︽ᠲᠠ ᠨᠠᠷ ᠭᠤᠣᠯᠳᠠᠭᠤ ᠶᠠᠮᠠᠷ ᠶᠠᠩᠵᠤ ᠶᠢᠨ ᠤᠰᠤ ᠵᠠᠰᠠᠬᠤ ᠠᠷᠭ᠎ᠠ ᠶᠢ ᠬᠡᠷᠡᠭᠯᠡᠭᠰᠡᠨ ᠪᠤᠢ︖ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠪᠤᠢ︖︾      ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠪᠡᠭᠡᠵᠢᠩ ᠤᠨ ᠱᠧᠦ ᠴᠤᠸᠠᠩ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠯᠦᠭᠯᠡᠯ ᠤᠨ ᠬᠤᠸᠠᠩ ᠮᠢᠶᠠᠨ ᠰᠦᠩ ᠭᠡᠰᠢᠭᠦᠨ ᠤ ᠶᠠᠷᠢᠵᠤ ᠪᠠᠶᠢᠭᠰᠠᠨ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠦᠯᠢᠭᠡᠷ ᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠦᠭᠡ ᠡᠯᠭᠦᠵᠦ ᠠᠰᠠᠭᠤᠪᠠ᠃      ᠭᠦᠶᠤᠸᠠᠨ ᠤ ᠪᠠᠶᠢᠭ᠎ᠠ ᠰᠢ ᠬᠠᠢ ᠭᠦ᠋ ᠣᠷᠣᠨ ᠨᠢ ︽ᠬᠦᠴᠢᠷ ᠵᠣᠪᠠᠭᠤᠷᠢ ᠪᠠᠷ ᠳᠦᠭᠦᠷᠦᠭᠰᠡᠨ ᠭᠠᠵᠠᠷ︾ ᠪᠣᠯᠣᠨ᠎ᠠ᠃ ᠣᠷᠣᠨ ᠨᠤᠲᠤᠭ ᠲᠤ ᠠᠵᠢᠯᠯᠠᠭᠰᠠᠨ ᠴᠤ ᠲᠡᠷᠡ᠂ ᠲᠥᠪ ᠬᠤᠷᠢᠶ᠎ᠠ ᠳᠤ ᠠᠵᠢᠯᠯᠠᠭᠰᠠᠨ ᠴᠤ ᠲᠡᠷᠡ᠂ ᠰᠢ ᠶᠢᠨ ᠫᠢᠩ ᠨᠥᠬᠦᠷ ᠴᠥᠮ ᠰᠢ ᠬᠠᠢ ᠭᠦ᠋ ᠶᠢ ᠰᠠᠨᠠᠭᠠᠯᠵᠠᠵᠤ᠂ ᠡᠨᠡ ᠬᠦ ᠭᠠᠵᠠᠷ ᠣᠷᠣᠨ ᠤ ᠬᠥᠭᠵᠢᠯᠲᠡ ᠳᠤ ᠶᠡᠭᠡ ᠬᠡᠮᠵᠢᠶᠡᠨ ᠤ ᠬᠦᠴᠦ ᠵᠠᠷᠤᠴᠠᠭᠤᠯᠤᠭᠰᠠᠨ ᠶᠤᠮ᠃      ᠬᠤᠸᠠᠩ ᠮᠢᠶᠠᠨ ᠰᠦᠩ ᠶᠡᠷᠦᠩᠬᠡᠢ ᠱᠦᠵᠢ ᠳᠤ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠭᠦᠶᠤᠸᠠᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠵᠢᠯ ᠠᠴᠠ ᠵᠢᠯ ᠰᠠᠶᠢᠵᠢᠷᠠᠵᠤ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠳᠡᠯᠡᠬᠡᠢ ᠶᠢᠨ ᠡᠯ᠎ᠡ ᠭᠠᠵᠠᠷ ᠤᠨ ᠵᠢᠭᠤᠯᠴᠢᠯᠠᠬᠰᠠᠳ ᠢ 42.8 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 2.15 ᠳ᠋ᠦᠩᠰᠢᠭᠤᠷ ᠲᠥᠭᠦᠷᠢᠭ ᠲᠤ ᠬᠦᠷᠴᠦ᠂ ᠠᠮᠢ ᠠᠬᠤᠢ ᠶᠢᠨ ᠦᠢᠯᠡᠳᠬᠦᠨ ᠤ ᠦᠷᠳᠡᠭ ᠲᠠᠰᠤᠷᠠᠯᠳᠠ ᠦᠭᠡᠢ ᠪᠡᠶᠡᠯᠡᠭᠳᠡᠪᠡ ᠭᠡᠵᠦ ᠬᠡᠯᠡᠵᠦ ᠥᠭᠴᠡᠢ᠃      ︽ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠮ ᠤᠨ ᠲᠥᠪ ᠬᠤᠷᠢᠶ᠎ᠠ ᠢᠮᠠᠭᠲᠠ ᠴᠢᠬᠤᠯᠠᠴᠢᠯᠠᠭᠰᠠᠭᠠᠷ ᠢᠷᠡᠵᠠᠢ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠢᠰᠬᠦ ᠮᠡᠲᠦ ᠲᠦᠷᠭᠡᠨ ᠬᠥᠭᠵᠢᠵᠦ᠂ ᠯᠤᠲᠤ ᠶᠡᠭᠡ ᠬᠤᠪᠢᠷᠠᠯᠲᠠ ᠲᠠᠢ ᠪᠣᠯᠵᠠᠢ︾᠂ ᠶᠡᠷᠦᠩᠬᠡᠢ ᠱᠦᠵᠢ ᠰᠢ ᠶᠢᠨ ᠫᠢᠩ ᠪᠠᠭ᠎ᠠ ᠶᠢᠨ ᠦᠶ᠎ᠡ ᠶᠢᠨ ᠢᠶᠠᠨ ᠪᠡᠭᠡᠵᠢᠩ ᠬᠤᠳᠠ ᠶᠢ ᠡᠷᠭᠢᠴᠡᠭᠦᠯᠬᠦ ᠳᠡᠭᠡᠨ ︽ᠦᠷᠭᠦᠯᠵᠢ ᠡᠯᠡᠰᠦᠨ ᠰᠢᠭᠤᠷᠭ᠎ᠠ ᠳᠡᠭᠳᠡᠳᠡᠭ᠃ ᠬᠠᠪᠤᠷ ᠠᠮᠠᠪᠴᠢ ᠵᠡᠭᠦᠵᠦ᠂ ᠠᠮᠠᠪᠴᠢ ᠪᠠᠨ ᠠᠪᠬᠤ ᠳᠤ ᠳᠡᠭᠡᠷ᠎ᠡ ᠨᠢ ᠴᠥᠮ ᠲᠣᠭᠤᠰᠣ ᠰᠠᠭᠤᠴᠢᠬᠠᠭᠰᠠᠨ ᠪᠠᠶᠢᠳᠠᠭ᠃ ᠭᠠᠳᠠᠭᠰᠢ ᠭᠠᠷᠤᠭᠠᠳ ᠣᠷᠣᠵᠤ ᠢᠷᠡᠪᠡᠯ᠂ ᠭᠡᠷ ᠤᠨ ᠱᠠᠯᠠ ᠳᠡᠭᠡᠷ᠎ᠡ ᠴᠥᠮ ᠰᠢᠷᠣᠢ ᠰᠠᠭᠤᠴᠢᠬᠠᠭᠰᠠᠨ ᠪᠠᠶᠢᠳᠠᠭ︾ ᠭᠡᠵᠡᠢ᠃      10 ᠵᠢᠯ ᠤᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︵APEC︶ ᠶᠢᠨ ᠬᠤᠷᠢᠨ ᠬᠤᠶᠠᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠪᠡᠭᠡᠵᠢᠩ ᠳᠤ ᠬᠤᠷᠠᠯᠳᠤᠵᠤ᠂ ᠦᠵᠡᠰᠬᠦᠯᠡᠩᠲᠦ ᠰᠠᠶᠢᠬᠠᠨ ᠬᠥᠬᠡ ᠣᠭᠲᠠᠷᠭᠤᠢ ᠨᠢ ᠬᠥᠮᠥᠰ ᠤᠨ ᠰᠡᠳᠬᠢᠯ ᠢ ᠪᠠᠶᠠᠰᠬᠠᠪᠠ᠃      ︽ᠲᠡᠷᠡ ᠬᠡᠳᠦᠨ ᠡᠳᠦᠷ ᠤᠨ ᠠᠭᠤᠷ ᠠᠮᠢᠰᠬᠤᠯ ᠮᠠᠰᠢ ᠰᠠᠶᠢᠨ᠂ ᠲᠤᠬᠠᠢ ᠶᠢᠨ ᠦᠶ᠎ᠡ ᠳᠤ ᠵᠠᠷᠢᠮ ᠬᠥᠮᠥᠨ ᠡᠨᠡ ᠪᠣᠯ ︿APEC ᠤᠨ ᠬᠥᠬᠡ﹀ ᠶᠤᠮ᠂ ᠤᠳᠠᠭᠠᠨ ᠦᠷᠭᠦᠯᠵᠢᠯᠡᠵᠦ ᠲᠠᠶᠢᠯᠤᠨ᠎ᠠ ᠦᠦ︖ ᠭᠡᠵᠦ ᠠᠰᠠᠭᠤᠵᠤ ᠪᠠᠶᠢᠪᠠ᠃ ᠪᠢ ᠲᠡᠳᠡᠨ ᠳᠤ᠂ ᠡᠨᠡ ᠨᠢ ᠲᠦᠷ ᠴᠠᠭ ᠤᠨ ᠬᠥᠬᠡ ᠣᠭᠲᠠᠷᠭᠤᠢ ᠪᠢᠰᠢ᠂ ᠬᠡᠳᠦᠨ ᠵᠢᠯ ᠤᠨ ᠳᠠᠷᠠᠭ᠎ᠠ ᠡᠭᠦᠷᠢᠳᠡ ᠶᠢᠨ ᠬᠥᠬᠡ ᠪᠣᠯᠣᠨ᠎ᠠ ᠭᠡᠵᠦ ᠬᠠᠷᠢᠭᠤᠯᠪᠠ︾᠂ ᠲᠤᠬᠠᠢ ᠶᠢᠨ ᠵᠢᠯ ᠤᠨ ᠡᠨᠡ ᠬᠦ ᠵᠢᠵᠢᠭ ᠶᠠᠪᠤᠳᠠᠯ ᠢ ᠶᠠᠷᠢᠬᠤ ᠳᠤ ᠶᠡᠷᠦᠩᠬᠡᠢ ᠱᠦᠵᠢ ᠰᠢ ᠶᠢᠨ ᠫᠢᠩ ᠤᠨ ᠦᠭᠡ ᠶᠠᠷᠢᠶ᠎ᠠ ᠮᠠᠰᠢ ᠰᠢᠭᠤᠷᠬᠠᠢ ᠪᠠᠶᠢᠪᠠ᠃      ᠴᠠᠭ ᠮᠥᠴᠡ ᠨᠢᠰᠬᠦ ᠮᠡᠲᠦ ᠲᠦᠷᠭᠡᠨ ᠥᠩᠭᠡᠷᠡᠵᠦ᠂ ︽APEC ᠤᠨ ᠬᠥᠬᠡ︾ ᠨᠢ ᠠᠭᠠᠵᠢᠮ ᠢᠶᠠᠷ ᠠᠷᠠᠳ ᠤᠨ ᠠᠮᠢᠳᠤᠷᠠᠯ ᠤᠨ ᠬᠡᠪ ᠤᠨ ᠪᠠᠶᠢᠳᠠᠯ ᠪᠣᠯᠵᠤ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠲᠡᠭᠷᠢ ᠨᠢ ᠨᠡᠩ ᠬᠥᠬᠡ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠦᠵᠡᠰᠬᠦᠯᠡᠩᠲᠦ ᠰᠠᠶᠢᠬᠠᠨ ᠵᠢᠷᠤᠭ ᠲᠤ ᠪᠢᠴᠢᠭᠯᠡᠭᠳᠡᠨ᠎ᠡ᠃      ᠭᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠠᠴᠠ ᠪᠠᠨ ᠡᠷᠬᠢᠮ ᠨᠠᠨᠳᠢᠨ ᠲᠤᠷᠰᠢᠯᠭ᠎ᠠ ᠭᠦᠷᠲᠡᠯ᠎ᠡ ᠶᠠᠷᠢᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ᠄ ︽ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠣᠬᠢᠮᠤᠢ᠂ ᠵᠥᠪᠭᠡᠨ ᠲᠡᠨᠳᠡ ᠰᠢᠭᠦᠮᠵᠢᠯᠡᠭᠡᠳ ᠵᠢᠭᠠᠵᠤ ᠳᠣᠬᠢᠭᠠᠳ ᠯᠠ ᠪᠠᠶᠢᠵᠤ ᠪᠤᠯᠬᠤ ᠦᠭᠡᠢ᠂ ᠬᠠᠷᠢᠨ ᠦᠨᠡᠨ ᠬᠦ ᠠᠵᠢᠯᠯᠠᠭ᠎ᠠ ᠠᠪᠴᠤ᠂ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠬᠡᠷᠡᠭᠲᠡᠢ︾᠃ ︽ᠪᠢᠳᠡ ᠤᠷᠤᠭᠰᠢ ᠪᠠᠨ ᠶᠠᠪᠤᠵᠤ ᠪᠠᠶᠢᠬᠤ ᠪᠠᠨ ᠣᠯᠵᠤ ᠬᠠᠷᠠᠳᠠᠭ ᠯᠠ ᠶᠤᠮ ᠪᠣᠯ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃      ᠬᠤᠸᠠᠩ ᠮᠢᠶᠠᠨ ᠰᠦᠩ ᠭᠡᠰᠢᠭᠦᠨ ᠤ ᠪᠠᠶᠢᠭ᠎ᠠ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠪᠣᠯ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠮᠡᠵᠦ ᠪᠠᠶᠢᠭᠤᠯᠤᠭᠰᠠᠨ ᠰᠢᠨ᠎ᠡ ᠡᠲᠡᠭᠡᠳ ᠢᠯᠭᠠᠯ ᠪᠣᠯᠣᠨ᠎ᠠ᠃      ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠡᠨᠡ ᠬᠦ ᠡᠲᠡᠭᠡᠳ ᠢᠯᠭᠠᠯ ᠳᠤ ᠢᠷᠡᠵᠥ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠠᠯ᠎ᠠ ᠪᠠᠷ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ︾ ᠭᠡᠵᠦ ᠶᠡᠭᠡ ᠬᠦᠰᠡᠯ ᠨᠠᠶᠢᠳᠠᠯᠭ᠎ᠠ ᠲᠠᠯᠪᠢᠪᠠ᠃      ︽ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ︾᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠤᠩᠭᠤᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠠᠨ ᠠᠴᠠ ᠬᠡᠲᠦ᠋ᠢᠳᠦᠭᠰᠡᠨ ᠤᠶᠤᠨ ᠤᠬᠠᠭᠠᠨ ᠢ ᠢᠯᠡᠷᠡᠭᠦᠯᠵᠡᠢ᠃      ᠰᠢᠨ᠎ᠡ ᠠᠶᠠᠨ ᠳᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ᠃      ᠠᠳᠠᠯᠢᠬᠠᠨ ᠢᠶᠠᠷ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠨ ᠬᠤ᠋ ᠰᠥᠩ ᠴᠢᠨ᠄ ︽ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠣᠲᠣ ᠶᠠᠭ ︿ᠪᠣᠬᠢᠷ ᠮᠠᠨᠠᠨ﹀᠂ ︿ᠦᠮᠡᠬᠡᠢ ᠦᠨᠦᠷ﹀ ᠵᠡᠷᠭᠡ ᠰᠡᠷᠡᠯ ᠤᠨ ᠡᠷᠬᠡᠲᠡᠨ ᠤ ᠭᠦᠢᠴᠡᠳᠬᠡᠯ ᠲᠤᠭ᠎ᠠ ᠶᠢᠨ ᠵᠠᠰᠠᠯᠲᠠ ᠠᠴᠠ ᠪᠠᠨ ᠣᠷᠳᠣ ᠬᠤᠭᠤᠴᠠᠭᠠᠨ ᠤ ᠴᠢᠨᠠᠷᠲᠠᠢ᠂ ᠳᠠᠯᠳᠠ ᠴᠢᠨᠠᠷᠲᠠᠢ ᠬᠤᠣᠷ ᠬᠥᠨᠥᠭᠡᠯ ᠲᠠᠢ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠱᠠᠲᠤ ᠲᠡᠶᠢᠰᠢ ᠬᠥᠭᠵᠢᠵᠦ ᠪᠠᠶᠢᠨ᠎ᠠ︾ ᠭᠡᠵᠡᠢ᠃      ︽ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠲᠤᠬᠠᠢ ᠳᠤᠷᠠᠳᠤᠭᠰᠠᠨ ᠨᠢ ᠮᠠᠰᠢ ᠴᠠᠭ ᠲᠠᠭᠠᠨ ᠲᠣᠬᠢᠷᠠᠵᠤ ᠪᠠᠶᠢᠨ᠎ᠠ᠂ ᠥᠭᠡᠷ᠎ᠡ ᠪᠠᠷ ᠬᠡᠯᠡᠪᠡᠯ ᠵᠠᠰᠠᠯᠲᠠ ᠶᠢᠨ ᠤᠬᠠᠮᠰᠠᠷ ᠲᠠᠢ ᠪᠠᠶᠢᠬᠤ ᠬᠡᠷᠡᠭᠲᠡᠢ ᠭᠡᠰᠡᠨ ᠨᠢ ᠪᠢᠳᠠᠨ ᠢ ᠡᠨᠡ ᠲᠠᠯ᠎ᠠ ᠪᠠᠷ ᠬᠤᠴᠣᠷᠬᠤ ᠦᠭᠡᠢ ᠪᠣᠯᠭᠠᠪᠠ︾᠃ ᠶᠡᠷᠦᠩᠬᠡᠢ ᠱᠦᠵᠢ ᠬᠤᠪᠢᠰᠤᠩᠭᠤᠢ ᠪᠠᠷ ᠬᠠᠨᠳᠤᠵᠤ᠂ ᠰᠢᠨ᠎ᠡ ᠬᠠᠭᠤᠴᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠂ ︽ᠰᠢᠨ᠎ᠡ ᠠᠰᠠᠭᠤᠳᠠᠯ ᠲᠠᠢ ᠪᠣᠯᠪᠠᠯ ᠡᠮᠦᠨᠡᠬᠢ ᠬᠠᠭᠤᠴᠢᠨ ᠠᠰᠠᠭᠤᠳᠠᠯ ᠢ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠠᠮᠠᠷᠠᠵᠤ ᠪᠣᠯᠣᠨ᠎ᠠ ᠭᠡᠵᠦ ᠬᠡᠯᠡᠵᠦ ᠪᠤᠯᠬᠤ ᠦᠭᠡᠢ᠂ ᠵᠡᠷᠭᠡ ᠪᠠᠷ ᠠᠳᠬᠤᠬᠤ ᠬᠡᠷᠡᠭᠲᠡᠢ᠂ ᠬᠥᠮᠥᠨ ᠬᠤᠯᠠ ᠶᠢᠨ ᠪᠣᠳᠣᠯᠭ᠎ᠠ ᠦᠭᠡᠢ ᠪᠣᠯ ᠣᠶᠢᠷ᠎ᠠ ᠶᠢᠨ ᠵᠣᠪᠠᠯᠠᠩ ᠲᠠᠢ ᠪᠣᠯᠣᠨ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠪᠠᠰᠠ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾ ᠭᠡᠪᠡ᠃      ︽ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ︾ ᠠᠴᠠ ︽ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ︾ ᠭᠦᠷᠲᠡᠯ᠎ᠡ᠂ ︽ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ︾ ᠠᠴᠠ ︽ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠬᠦ︾ ᠭᠦᠷᠲᠡᠯ᠎ᠡ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠪᠣᠯᠣᠨ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ︾ ᠠᠴᠠ ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠭᠦ︾ ᠭᠦᠷᠲᠡᠯ᠎ᠡ ᠁ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠪᠬᠤ ᠭᠡᠭᠡᠭᠦ ᠪᠤᠯᠬᠤ ᠡᠰᠡᠬᠦ ᠶᠢ ᠲᠣᠭᠲᠠᠭᠠᠬᠤ ᠲᠠᠰᠢᠷᠠᠮ ᠳᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠬᠦᠴᠦᠷᠬᠡᠭ ᠶᠡᠭᠡ ᠲᠣᠭᠲᠠᠯ ᠬᠦᠴᠦᠨ ᠪᠣᠯᠣᠨ ᠬᠤᠯᠠ ᠶᠢᠨ ᠬᠠᠷᠠᠴᠠ ᠬᠤᠷᠴᠠ ᠲᠠᠨᠢᠯᠲᠠ ᠶᠢ ᠰᠢᠯᠭᠠᠵᠠᠢ᠃      ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ᠂ ᠵᠠᠩ ᠵᠢᠶᠠ ᠭᠠᠩ ᠬᠤᠳᠠ ᠶᠢᠨ ᠨᠠᠨ ᠹᠧᠩ ᠪᠠᠯᠭᠠᠰᠤ ᠶᠢᠨ ᠶᠦᠩ ᠯᠢᠶᠠᠨ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠦ᠋ ᠬᠤᠢ ᠹᠠᠩ ᠲᠥᠯᠥᠭᠡᠯᠡᠭᠴᠢ ᠬᠥᠳᠡᠭᠡ ᠲᠣᠰᠬᠤᠨ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ᠃      ᠴᠡᠷᠢᠭ ᠲᠤ 25 ᠵᠢᠯ ᠶᠠᠪᠤᠭᠰᠠᠨ ᠡᠨᠡ ᠬᠦ ᠠᠬᠠᠮᠠᠳ ᠴᠡᠷᠢᠭ 2005 ᠣᠨ ᠳᠤ ᠴᠡᠷᠢᠭ ᠤᠨ ᠬᠤᠪᠴᠠᠰᠤ ᠪᠠᠨ ᠲᠠᠶᠢᠯᠵᠤ᠂ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠪᠠᠷ ᠳᠠᠮᠵᠢᠨ ᠶᠦᠩ ᠯᠢᠶᠠᠨ ᠲᠣᠰᠬᠤᠨ ᠳᠤ ᠬᠦᠷᠴᠦ ᠠᠵᠢᠯᠯᠠᠪᠠ᠃ ᠡᠭᠦᠨ ᠠᠴᠠ ᠡᠬᠢᠯᠡᠨ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ ᠨᠢ ᠲᠡᠭᠦᠨ ᠤ ᠰᠢᠨ᠎ᠡ ︽ᠵᠢᠭᠰᠠᠭᠠᠯ ᠤᠨ ᠭᠠᠵᠠᠷ︾ ᠪᠣᠯᠵᠠᠢ᠃      ᠲᠡᠷᠡ ᠨᠢᠭᠡᠨᠲᠡ 19 ᠵᠢᠯ ᠠᠵᠢᠯᠯᠠᠯ᠎ᠠ᠃      ︽ᠨᠢᠳᠤᠨᠤᠨ᠂ ᠶᠦᠩ ᠯᠢᠶᠠᠨ ᠲᠣᠰᠬᠤᠨ ᠤ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠶᠡᠷᠦᠩᠬᠡᠢ ᠣᠷᠣᠯᠭ᠎ᠠ 1616 ᠳ᠋ᠦᠩᠰᠢᠭᠤᠷ ᠲᠥᠭᠦᠷᠢᠭ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3.35 ᠳ᠋ᠦᠩᠰᠢᠭᠤᠷ ᠲᠥᠭᠦᠷᠢᠭ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 7.3 ᠲᠦᠮᠡᠨ ᠲᠥᠭᠦᠷᠢᠭ ᠲᠤ ᠬᠦᠷᠴᠡᠢ᠃ ᠲᠣᠰᠬᠤᠨ ᠤ ᠠᠵᠤ ᠠᠬᠤᠶᠢᠯᠠᠯ ᠬᠥᠭᠵᠢᠭᠰᠡᠨ ᠤ ᠳᠠᠷᠠᠭ᠎ᠠ᠂ ᠪᠢᠳᠡ ᠥᠮᠴᠢᠯᠡᠯ ᠤᠨ ᠡᠷᠬᠡ ᠶᠢ ᠲᠣᠳᠣᠷᠬᠠᠶᠢᠯᠠᠬᠤ ᠪᠠᠷ ᠳᠡᠮᠵᠢᠨ᠂ ᠲᠣᠰᠬᠤᠨ ᠤ ᠠᠷᠠᠳ ᠢ 25% ᠶᠢᠨ ᠰᠲ᠋ᠣᠺ ᠤᠨ ᠡᠷᠬᠡ ᠲᠠᠢ ᠪᠤᠯᠭᠠᠵᠤ᠂ ᠨᠢᠳᠤᠨᠤᠨ ᠬᠤᠶᠠᠳᠠᠭᠢ ᠤᠳᠠᠭ᠎ᠠ ᠲᠣᠰᠬᠤᠨ ᠤ ᠠᠷᠠᠳ ᠤᠨ ᠬᠥᠮᠥᠨ ᠳᠤᠮᠳᠠᠴᠢ ᠳᠤ 1.7 ᠲᠦᠮᠡᠨ ᠲᠥᠭᠦᠷᠢᠭ ᠢ ᠬᠤᠪᠢᠶᠠᠪᠠ︾ ᠭᠡᠵᠦ ᠶᠡᠷᠦᠩᠬᠡᠢ ᠱᠦᠵᠢ ᠳᠤ ᠨᠢᠭᠡᠳ ᠨᠢᠭᠡ ᠪᠠᠷ ᠮᠡᠳᠡᠭᠦᠯᠪᠡ᠃      ︽ᠡᠨᠡ ᠣᠷᠣᠯᠭ᠎ᠠ ᠶᠢᠨ ᠪᠠᠶᠢᠳᠠᠯ ᠪᠠᠰᠠ ᠲᠤᠩ ᠰᠦᠷᠡᠬᠡᠢ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ᠂ ︽ᠬᠠᠮᠲᠤ ᠪᠠᠷ ᠪᠠᠶᠠᠵᠢᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠤ ᠲᠠ ᠨᠠᠷ ᠪᠣᠯ ᠬᠤᠰᠢᠭᠤᠴᠢ ᠮᠥᠨ᠂ ᠡᠨᠡ ᠵᠠᠮ ᠢ ᠨᠡᠭᠡᠭᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠵᠦ ᠪᠠᠶᠠᠷᠲᠠᠶᠢᠬᠠᠨ ᠬᠡᠯᠡᠪᠡ᠃      ᠤᠯᠤᠰ ᠢ ᠵᠠᠰᠠᠬᠤ ᠡᠭᠦᠷᠢᠳᠡ ᠶᠢᠨ ᠶᠣᠰᠣ ᠠᠨᠤ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠮᠤᠢ᠃      ᠲᠤᠬᠠᠢ ᠶᠢᠨ ᠲᠠᠯᠠᠪᠠᠢ ᠳᠤ ᠪᠠᠶᠢᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃      ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢᠶᠠᠨ ᠬᠥᠭᠵᠢᠭᠡᠵᠦ – ︽ᠣᠨᠢᠯᠠᠨ ᠲᠣᠭᠲᠠᠪᠠᠯ ᠱᠠᠯᠠᠪᠳᠠᠨ ᠬᠢᠵᠦ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ︾      ᠵᠢᠶᠠᠩᠰᠤ ᠠᠴᠠ ᠢᠷᠡᠭᠰᠡᠨ ᠰᠦᠨ ᠵᠢᠩ ᠨᠠᠨ ᠲᠥᠯᠥᠭᠡᠯᠡᠭᠴᠢ ᠪᠣᠯ ᠵᠦᠩ ᠴᠧ ᠪᠦᠯᠦᠭᠯᠡᠯ ᠤᠨ ᠨᠠᠨᠵᠢᠩ ᠤᠨ ᠫᠦ᠋ ᠵᠧᠨ ᠮᠠᠰᠢᠨ ᠲᠡᠷᠭᠡᠨ ᠤ ᠬᠢᠵᠠᠭᠠᠷᠲᠤ ᠺᠤᠮᠫᠠᠨᠢ ᠶᠢᠨ ᠴᠠᠭᠢᠯᠭᠠᠨ ᠭᠠᠩᠨᠠᠭᠤᠷᠴᠢᠨ ᠪᠣᠯᠣᠨ᠎ᠠ᠃      ᠶᠡᠷᠦᠩᠬᠡᠢ ᠱᠦᠵᠢ ᠰᠢ ᠶᠢᠨ ᠫᠢᠩ ᠤᠨ ᠡᠮᠦᠨ᠎ᠡ᠂ ᠲᠡᠷᠡ᠄ ︽ᠤᠷᠠᠨ ᠳᠠᠷᠬᠠᠨ ᠤ ︿ᠲᠠᠷᠬᠠᠨ﹀ ᠭᠡᠳᠡᠭ ᠦᠭᠡ ᠪᠣᠯ ᠲᠤᠰᠬᠠᠢ ᠮᠡᠷᠭᠡᠵᠢᠯ ᠤᠨ ᠬᠦᠷᠢᠶᠡᠨ ᠳᠤ ᠥᠪᠡᠷ ᠤᠨ ᠪᠡᠶ᠎ᠡ ᠠᠴᠠ ᠪᠠᠨ ︿ᠦ ᠰᠡᠪ ᠡᠷᠢᠬᠦ﹀ ᠶᠠᠪᠤᠳᠠᠯ ᠪᠣᠯᠣᠨ᠎ᠠ᠂ ᠤᠯᠠᠨ ᠤᠳᠠᠭᠠᠨ ᠤ ᠳᠠᠪᠲᠠᠯᠲᠠ ᠶᠢ ᠥᠩᠭᠡᠷᠡᠭᠦᠯᠪᠡᠯ ᠰᠠᠶ᠋ᠢ ᠰᠢᠪᠲᠤᠯᠤᠯᠲᠠ ᠭᠠᠷᠭᠠᠵᠤ ᠴᠢᠳᠠᠨ᠎ᠠ︾ ᠭᠡᠵᠦ ᠪᠣᠷᠣᠭᠵᠢᠭᠤᠨ ᠪᠥᠭᠡᠳ ᠢᠳᠡ ᠬᠦᠴᠦᠲᠡᠢ ᠬᠡᠯᠡᠪᠡ᠃      ᠰᠣᠩᠭᠤᠭᠰᠠᠨ ᠠᠵᠢᠯ ᠦᠢᠯᠡᠰ ᠲᠡᠭᠡᠨ ᠨᠠᠰᠤᠨ ᠲᠤᠷᠰᠢᠲᠠ ᠵᠢᠳᠬᠦᠨ᠎ᠡ᠃      30 ᠭᠠᠷᠤᠢ ᠵᠢᠯ ᠠᠵᠢᠯᠯᠠᠭᠰᠠᠨ ᠰᠦᠨ ᠵᠢᠩ ᠨᠠᠨ ᠭᠠᠩᠨᠠᠬᠤ ᠠᠵᠢᠯ ᠢ ᠨᠢᠭᠡ ᠵᠦᠢᠯ ᠤᠨ ᠤᠷᠠᠯᠢᠭ ᠢᠶᠠᠷ ᠦᠵᠡᠵᠦ᠂ ᠱᠠᠪᠢ ᠠᠵᠢᠯᠴᠢᠨ ᠪᠠᠶᠢᠭᠰᠠᠨ ᠠᠴᠠ ᠪᠠᠨ ᠳᠤᠮᠳᠠᠳᠤ ᠤᠯᠤᠰ ᠤᠨ ᠵᠦᠩ ᠴᠧ ᠺᠤᠮᠫᠠᠨᠢ ᠶᠢᠨ ᠠᠯᠳᠠᠷᠲᠤ ᠤᠷ᠎ᠠ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠨᠢᠳᠦᠨ ᠳᠤ ᠠᠯᠳᠠᠷᠰᠢᠭᠰᠠᠨ ︽ᠳᠣᠷᠣᠨᠠᠳᠠᠬᠢᠨ ᠤ ᠭᠠᠩᠨᠠᠭᠤᠷᠴᠢᠨ ᠳᠠᠭᠢᠨᠢ︾ ᠪᠣᠯᠪᠠ᠃      ︽ᠲᠠ ᠪᠣᠯ ᠲᠣᠮᠣ ᠤᠯᠤᠰ ᠤᠨ ᠤᠷᠠᠨ ᠳᠠᠷᠬᠠᠨ ᠮᠥᠨ︾᠃ ᠶᠡᠷᠦᠩᠬᠡᠢ ᠱᠦᠵᠢ ᠮᠠᠭᠲᠠᠨ ᠰᠠᠶᠢᠰᠢᠶᠠᠭᠰᠠᠨ ᠬᠠᠷᠠᠴᠠ ᠪᠠᠷ ᠰᠦᠨ ᠵᠢᠩ ᠨᠠᠨ ᠢ ᠬᠠᠷᠠᠵᠤ᠄ ︽ᠲᠣᠮᠣ ᠤᠯᠤᠰ ᠤᠨ ᠤᠷᠠᠨ ᠳᠠᠷᠬᠠᠨ ᠪᠣᠯ ᠮᠠᠨ ᠤ ᠳᠤᠮᠳᠠᠳᠤ ᠶᠢᠨ ᠦᠨᠳᠦᠰᠦᠲᠡᠨ ᠭᠡᠬᠦ ᠲᠣᠮᠣ ᠠᠰᠠᠷ ᠤᠨ ᠰᠠᠭᠤᠷᠢ ᠴᠢᠯᠠᠭᠤ᠂ ᠲᠤᠯᠭᠠᠭᠤᠷᠢ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠡᠷᠠᠭ᠎ᠠ᠂ ᠪᠢᠳᠠ ᠨᠢᠭᠡ ᠳᠤ ᠶᠠᠳᠠᠭᠤ ᠬᠤᠶᠠᠷ ᠲᠤ ᠬᠤᠭᠤᠰᠤᠨ ᠪᠠᠶᠢᠵᠤ᠂ ᠦᠭᠡᠢ ᠠᠴᠠ ᠪᠠᠨ ᠪᠠᠶᠢᠬᠤ ᠪᠣᠯᠵᠤ᠂ ᠣᠷᠣᠭᠤᠯᠤᠨ ᠠᠪᠴᠢᠷᠠᠵᠤ ᠰᠢᠩᠭᠡᠬᠡᠨ ᠠᠪᠤᠭᠠᠳ ᠲᠡᠭᠢᠠ ᠬᠥᠭᠵᠢᠭᠦᠯᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠦᠢᠯᠡᠳᠬᠦ ᠦᠢᠯᠡᠰ ᠤᠨ ᠰᠠᠭᠤᠷᠢ ᠲᠠᠢ ᠪᠣᠯᠤᠭᠰᠠᠨ ᠪᠠᠶᠢᠨ᠎ᠠ︾ ᠭᠡᠪᠡ᠃      ᠶᠡᠷᠦᠩᠬᠡᠢ ᠱᠦᠵᠢ᠄ ︽ᠢᠩᠭᠢᠵᠦ ᠪᠤᠳᠤᠬᠤ ᠪᠠᠷ ᠦᠨᠡᠬᠡᠷ ᠬᠢᠵᠠᠭᠠᠯᠠᠰᠢ ᠦᠭᠡᠢ ᠣᠮᠣᠭᠰᠢᠬᠤ ᠶᠤᠮ᠃ ᠵᠠᠮ ᠬᠠᠷᠢᠯᠴᠠᠭ᠎ᠠ ᠪᠠᠷ ᠠᠪᠴᠤ ᠬᠡᠯᠡᠪᠡᠯ᠂ ᠣᠲᠣ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠨᠢ ᠪᠦᠭᠦ ᠪᠥᠮᠪᠥᠷᠴᠡᠭ ᠲᠤ ᠬᠠᠮᠤᠭ ᠤᠨ ᠶᠡᠭᠡ᠂ ᠰᠢᠨ᠎ᠡ ᠡᠨᠧᠷᠭᠢ ᠶᠢᠨ ᠮᠠᠰᠢᠨ ᠲᠡᠷᠭᠡ ᠬᠠᠮᠤᠭ ᠤᠨ ᠰᠠᠶᠢᠨ᠂ ᠲᠦᠷᠭᠡᠨ ᠤ ᠵᠠᠰᠠᠮᠠᠯ ᠵᠠᠮ ᠤᠨ ᠵᠠᠢ ᠨᠢ ᠴᠦ ᠬᠠᠮᠤᠭ ᠤᠨ ᠣᠷᠳᠣ᠂ ᠲᠦᠷᠭᠡᠨ ᠤ ᠲᠡᠮᠦᠷ ᠵᠠᠮ ᠭᠠᠳᠠᠭᠰᠢ ᠭᠠᠷᠴᠤ᠂ ᠬᠤᠲᠠ ᠶᠢᠨ ᠲᠣᠭᠤᠷᠢᠯ ᠵᠠᠮ ᠤᠨ ᠨᠡᠪᠲᠡᠷᠡᠯᠴᠡᠭᠡ ᠭᠠᠳᠠᠭᠰᠢ ᠭᠠᠷᠴᠤ᠂ ᠬᠥᠯᠭᠡ ᠣᠩᠭᠤᠴᠠ ᠪᠠᠰᠠ ᠭᠠᠳᠠᠭᠰᠢ ᠭᠠᠷᠴᠤ᠂ ᠲᠣᠮᠣ ᠨᠢᠰᠬᠡᠯ ᠢ ᠴᠦ ᠦᠢᠯᠡᠳᠦᠨ ᠭᠠᠷᠭᠠᠵᠤ᠂ ᠣᠩᠭᠤᠴᠠ ᠦᠢᠯᠡᠳᠬᠦ ᠦᠢᠯᠡᠰ ᠤᠨ ︿ᠭᠤᠷᠪᠠᠨ ᠶᠡᠭᠡ ᠬᠡᠷᠡᠯᠳᠦ ᠰᠤᠪᠤᠳ﹀ ᠢ ᠴᠤ ᠦᠢᠯᠡᠳᠦᠨ ᠭᠠᠷᠭᠠᠵᠠᠢ ᠁ ᠪᠦᠷ ᠠᠯᠬᠤᠮ ᠠᠯᠬᠤᠮ ᠢᠶᠠᠷ ᠤᠷᠤᠭᠰᠢᠯᠠᠵᠤ᠂ ᠲᠠᠰᠤᠷᠠᠯᠲᠠ ᠦᠭᠡᠢ ᠤᠯᠤᠰ ᠲᠠᠭᠠᠨ ᠦᠢᠯᠡᠳᠪᠦᠷᠢᠯᠡᠵᠦ᠂ ᠳᠠᠷᠠᠭ᠎ᠠ ᠨᠢ ᠳᠡᠯᠡᠬᠡᠢ ᠶᠢᠨ ᠡᠮᠦᠨ᠎ᠡ ᠬᠤᠰᠢᠭᠤᠷᠠᠭᠰᠠᠨ ᠪᠥᠭᠡᠳ ᠲᠠᠰᠤᠷᠠᠯᠲᠠ ᠦᠭᠡᠢ ᠰᠢᠪᠲᠤᠯᠤᠯᠲᠠ ᠬᠢᠵᠦ ᠪᠠᠶᠢᠨ᠎ᠠ︾ ᠭᠡᠵᠦ ᠭᠦᠨ ᠰᠡᠳᠬᠢᠯᠭᠡ ᠲᠠᠢ ᠶᠠᠷᠢᠪᠠ᠃      ︽ᠡᠭᠦᠨ ᠳᠤ ᠤᠷᠠᠨ ᠳᠠᠷᠬᠠᠨ ᠮᠠᠰᠢ ᠴᠢᠬᠤᠯᠠ ᠶᠤᠮ᠃ ᠵᠢᠷᠤᠭ ᠲᠥᠯᠥᠪᠯᠡᠭᠡ ᠶᠢ ᠰᠠᠶᠢᠬᠠᠨ ᠵᠢᠷᠤᠵᠤ ᠲᠥᠯᠥᠪᠯᠡᠭᠡᠳ ᠯᠡ ᠪᠤᠯᠬᠤ ᠦᠭᠡᠢ᠂ ᠬᠠᠮᠤᠭ ᠤᠨ ᠰᠡᠭᠦᠯ ᠳᠤ ᠭᠠᠩᠨᠠᠭᠤᠷᠴᠢᠨ ᠤ ᠭᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠲᠦᠪᠰᠢᠨ ᠦᠭᠡᠢ ᠪᠣᠯ ᠬᠠᠮᠤᠭ ᠤᠨ ᠰᠠᠶᠢᠨ ᠲᠣᠨᠤᠭ ᠲᠥᠬᠦᠭᠡᠷᠦᠮᠵᠢ ᠶᠢ ᠬᠢᠵᠦ ᠴᠢᠳᠠᠬᠤ ᠦᠭᠡᠢ᠂ ᠡᠶᠢᠮᠦ ᠠᠴᠠ ᠪᠢᠳᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠨᠡᠨ ᠪᠣᠳᠠᠲᠠᠢ ᠰᠠᠶᠢᠲᠤᠷ ᠬᠢᠵᠦ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠤᠢ ᠪᠤᠯᠭᠠᠵᠤ᠂ ᠨᠢᠭᠡᠳᠦᠭᠡᠷ ᠹᠷᠣᠨᠲ ᠤᠨ ᠲᠣᠮᠣ ᠤᠯᠤᠰ ᠤᠨ ᠤᠷᠠᠨ ᠲᠠᠷᠬᠠᠨ ᠢ ᠪᠦᠯᠦᠭ ᠪᠦᠯᠦᠭ ᠢᠶᠠᠷ ᠬᠥᠮᠥᠵᠢᠭᠦᠯᠬᠦ ᠬᠡᠷᠡᠭᠲᠡᠢ᠂ ᠡᠨᠡ ᠪᠣᠯ ᠨᠢᠷᠤᠭᠤ ᠲᠤᠯᠭᠠᠭᠤᠷᠢ ᠪᠣᠯᠣᠨ᠎ᠠ᠂ ᠠᠯᠮᠠᠰ ᠴᠢᠯᠠᠭᠤ ᠦᠭᠡᠢ ᠪᠣᠯ ᠱᠠᠭᠠᠵᠠᠩ ᠤᠨ ᠠᠵᠢᠯ ᠢ ᠭᠠᠷᠳᠠᠵᠤ ᠳᠡᠶᠢᠯᠭᠦ ᠦᠭᠡᠢ ᠶᠤᠮ︾ ᠭᠡᠬᠦ ᠶᠡᠷᠦᠩᠬᠡᠢ ᠱᠦᠵᠢ ᠶᠢᠨ ᠦᠭᠡ ᠦᠨᠡᠨᠴᠢ ᠰᠡᠳᠬᠢᠯᠭᠡ ᠭᠦᠨ ᠶᠠᠷᠢᠶ᠎ᠠ ᠨᠢ ᠪᠦᠭᠦ ᠲᠠᠯᠠᠪᠠᠢ ᠶᠢᠨ ᠬᠠᠮᠲᠤ ᠤᠯᠠᠨ ᠤ ᠰᠡᠳᠬᠢᠯ ᠢ ᠴᠤᠤᠷᠢᠶᠠᠲᠤᠭᠤᠯᠪᠠ᠃      ᠤᠷᠠᠨ ᠳᠠᠷᠬᠠᠨ ᠢ ᠬᠦᠨᠳᠦᠳᠬᠡᠨ᠎ᠡ᠂ ᠨᠡᠩ ᠴᠤ ᠲᠡᠳᠡᠨ ᠤ ︽ᠤᠷᠠᠨ ᠰᠠᠨᠠᠭ᠎ᠠ︾ ᠶᠢ ᠴᠢᠬᠤᠯᠠᠴᠢᠯᠠᠨ᠎ᠠ᠃      ᠶᠡᠷᠦᠩᠬᠡᠢ ᠱᠦᠵᠢ ᠰᠢ ᠶᠢᠨ ᠫᠢᠩ᠄ ︽ᠪᠢᠳᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠨᠢᠭᠡᠨᠲᠡ ᠨᠡᠯᠢᠶᠡᠳ ᠵᠦᠭᠡᠷ ᠬᠢᠭᠰᠡᠨ ᠪᠤᠯᠪᠠᠴᠤ ᠪᠠᠰᠠ ᠭᠦᠢᠴᠡᠳ ᠪᠢᠰᠢ ᠪᠠᠶᠢᠨ᠎ᠠ᠂ ᠲᠡᠳᠡᠨ ᠳᠤ ᠵᠣᠬᠢᠬᠤ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ ᠪᠠ ᠴᠠᠯᠢᠩ ᠣᠯᠭᠤᠮᠵᠢ ᠬᠠᠷᠠᠭᠠᠯᠵᠠᠯ ᠣᠯᠭᠤᠵᠤ᠂ ᠵᠣᠬᠢᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃      2022 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠠᠬᠠᠮᠠᠳ ᠲᠤᠰᠬᠠᠢ ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ ᠶᠢᠨ ᠮᠦᠽᠧᠢ ᠶᠢᠨ ᠶᠡᠷᠦᠩᠬᠡᠢ ᠣᠷᠳᠣᠨ ᠤ ᠳᠡᠳ᠋ ᠳᠠᠷᠤᠭ᠎ᠠ ᠰᠦᠩ ᠶᠠᠨ ᠲᠥᠯᠥᠭᠡᠯᠡᠭᠴᠢ ᠳᠤ ᠤᠳᠤ ᠪᠤᠯᠲᠠᠯ᠎ᠠ ᠮᠠᠰᠢ ᠶᠡᠭᠡ ᠵᠣᠷᠢᠭᠵᠢᠭᠤᠯᠤᠯ ᠪᠣᠯᠣᠭᠰᠠᠭᠠᠷ ᠶᠤᠮ᠃ ᠶᠠᠷᠢᠶ᠎ᠠ ᠲᠠᠯᠪᠢᠬᠤ ᠳᠠᠭᠠᠨ ᠲᠡᠷᠡ ᠨᠠᠨᠵᠢᠩ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠠᠵᠢᠯᠲᠠᠳ ᠤᠨ ᠰᠣᠶᠣᠯ ᠤᠨ ᠥᠪ ᠢᠶᠠᠨ ᠰᠠᠬᠢᠨ ᠬᠠᠮᠠᠭᠠᠯᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠬᠦᠴᠦᠨ ᠢ ᠬᠥᠭᠵᠢᠭᠡᠭᠰᠡᠨ ᠦᠯᠢᠭᠡᠷ ᠢ ᠶᠠᠷᠢᠪᠠ᠃      ︽ᠨᠠᠨᠵᠢᠩ ᠤᠨ ᠮᠦᠽᠧᠢ ᠳᠤ ᠪᠠᠰᠠ ᠦᠵᠡᠭᠦᠰᠢᠲᠡᠢ ᠵᠦᠢᠯ ᠲᠤᠩ ᠤᠯᠠᠨ ᠪᠤᠢ᠂ ᠵᠢᠷᠭᠤᠭᠠᠨ ᠲᠦᠷᠦ ᠶᠢᠨ ᠡᠷᠲᠡᠨ ᠤ ᠨᠡᠶᠢᠰᠯᠡᠯ᠂ ᠪᠠᠰᠠ ᠬᠤᠶᠢᠨᠠᠬᠢ ᠮᠢᠩ ᠤᠯᠤᠰ᠂ ᠴᠢᠩ ᠤᠯᠤᠰ ᠤᠨ ᠦᠶ᠎ᠡ ᠳᠤ᠂ ᠶᠠᠭᠤᠮ᠎ᠠ ᠪᠠᠰᠠ ᠲᠤᠩ ᠠᠷᠪᠢᠨ ᠪᠠᠶᠢᠵᠠᠢ᠃ ᠮᠦᠽᠧᠢ ᠮᠠᠰᠢ ᠴᠢᠬᠤᠯᠠ ᠶᠤᠮ᠂ ᠪᠢ ᠪᠠᠭ᠎ᠠ ᠠᠴᠠ ᠪᠠᠨ ᠮᠦᠽᠧᠢ ᠳᠤ ᠣᠴᠢᠬᠤ ᠳᠤᠷᠠᠲᠠᠢ᠂ ᠪᠠᠭ᠎ᠠ ᠳᠠᠭᠠᠨ ᠪᠡᠭᠡᠵᠢᠩ ᠳᠠᠬᠢ ᠮᠦᠽᠧᠢ ᠪᠠᠷ ᠪᠠᠷᠤᠭ ᠪᠦᠷ ᠣᠴᠢᠵᠤ ᠥᠩᠭᠡᠷᠡᠭᠰᠡᠨ︾ ᠭᠡᠵᠦ ᠶᠡᠷᠦᠩᠬᠡᠢ ᠱᠦᠵᠢ ᠰᠢ ᠶᠢᠨ ᠫᠢᠩ ᠰᠦᠩ ᠶᠠᠨ ᠳᠤ ᠳᠣᠲᠣᠨᠣᠰᠤᠭ ᠢᠶᠠᠷ ᠬᠡᠯᠡᠪᠡ᠃      ᠰᠣᠶᠣᠯ ᠤᠨ ᠭᠤᠯᠣᠮᠲᠠ ᠥᠨᠢ ᠤᠳᠠᠭᠠᠨ᠂ ᠨᠢᠭᠡ ᠦᠨᠳᠦᠰᠦᠲᠡᠨ ᠤ ᠣᠣᠷ ᠲᠤᠨᠳᠠᠰᠤ ᠶᠢ ᠬᠤᠷᠠᠮᠳᠤᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠂ ᠥᠷᠭᠡᠨ ᠤᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠢ ᠮᠦᠽᠧᠢ ᠲᠠᠢ ᠢᠯᠡᠭᠦᠬᠡᠨ ᠣᠶᠢᠷᠠᠲᠤᠭᠤᠯᠵᠤ᠂ ᠲᠡᠦᠬᠡ ᠶᠢᠨ ᠲᠥᠷᠥᠭᠳᠡᠯ ᠢᠶᠠᠨ ᠤᠯᠠᠮ ᠨᠡᠮᠡᠭᠳᠡᠭᠦᠯᠬᠦ ᠶᠢ ᠬᠦᠰᠡᠪᠡ᠃ ︽ᠮᠦᠽᠧᠢ ᠶᠢᠨ ᠦᠢᠯᠡᠰ ᠢ ᠰᠠᠶᠢᠲᠤᠷ ᠬᠢᠬᠦ ᠬᠡᠷᠡᠭᠲᠡᠢ᠃ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ ᠨᠡᠩ ᠰᠢᠰᠲ᠋ᠧᠮᠵᠢᠭᠦᠯᠬᠦ ᠶᠢᠨ ᠬᠠᠮᠲᠤ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ︾ ᠭᠡᠵᠦ ᠭᠦᠨ ᠰᠡᠳᠬᠢᠯᠭᠡ ᠲᠠᠢ ᠬᠡᠯᠡᠪᠡ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠦᠢᠯᠡᠰ ᠮᠥᠨ᠃      ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠰᠢᠶᠠ ᠰᠢᠶᠠᠨ ᠫᠧᠩ ᠭᠡᠰᠢᠭᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠬᠡ ᠬᠠᠭᠤᠷᠠᠢ ᠶᠢᠨ ᠯᠤᠲᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠷ ᠪᠠᠲᠤ ᠲᠤᠯᠭᠠᠭᠤᠷᠢᠯᠠᠯ ᠪᠤᠯᠭᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠤᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠳᠣᠣᠷ᠎ᠠ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠦᠷᠭᠡᠨ ᠬᠥᠭᠵᠢᠪᠡ ᠭᠡᠵᠦ ᠶᠡᠷᠦᠩᠬᠡᠢ ᠱᠦᠵᠢ ᠳᠤ ᠬᠡᠯᠡᠪᠡ᠃      ᠲᠢᠶᠠᠨ ᠬᠤᠩ ᠴᠢ ᠭᠡᠰᠢᠭᠦᠨ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠭᠦ ᠣᠷᠣᠨ ᠢ ᠲᠦᠷᠭᠡᠳᠬᠡᠨ ᠪᠠᠶᠢᠭᠤᠯᠵᠤ᠂ ᠬᠤᠶᠠᠷ ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠬᠥᠪᠡᠭᠡᠨ ᠤ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠬᠤ ᠶᠢ ᠰᠠᠨᠠᠭᠤᠯᠪᠠ᠃      ᠶᠡᠷᠦᠩᠬᠡᠢ ᠱᠦᠵᠢ ᠰᠢ ᠶᠢᠨ ᠫᠢᠩ ᠲᠠᠶᠢᠸᠠᠨ ᠤ ᠠᠵᠢᠯ ᠤᠨ ᠶᠡᠭᠡ ᠲᠠᠯ᠎ᠠ ᠳᠤ ᠤᠯᠠᠮ ᠴᠢᠨᠠᠭᠰᠢᠳᠠ ᠪᠠᠶᠢᠷᠢ ᠲᠣᠭᠲᠠᠭᠠᠯᠲᠠ ᠪᠠᠨ ᠵᠥᠪ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠭᠠᠳᠤ ᠭᠠᠳᠠᠭᠠᠳᠤ ᠶᠢᠨ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠶᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠢᠨ ᠳᠤ ᠬᠦᠰᠡᠪᠡ᠃      ᠤᠷᠢᠬᠠᠨ ᠰᠠᠯᠬᠢ ᠡᠬᠡ ᠭᠠᠵᠠᠷ ᠢ ᠢᠯᠪᠢᠵᠦ᠂ ᠲᠦᠮᠡᠨ ᠪᠣᠳᠠᠰ ᠰᠢᠨᠡᠳᠦᠨ ᠠᠮᠢᠯᠠᠨ᠎ᠠ᠃      ᠰᠢᠨ᠎ᠡ ᠠᠶᠠᠨ ᠢ ᠪᠠᠷᠠᠯᠠᠬᠤᠶ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠬᠢᠬᠦ ᠪᠠᠷ ᠵᠣᠷᠢᠭ ᠰᠢᠭᠤᠳᠪᠠᠯ ᠳᠠᠷᠤᠢ ᠱᠠᠯᠠᠪᠳᠠᠨ ᠠᠵᠢᠯᠯᠠᠵᠤ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ︾ ᠭᠡᠬᠦ ᠶᠠᠷᠢᠶ᠎ᠠ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号