ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠱᠠᠨᠰᠢ ᠶᠢᠨ ᠯᠦ ᠴᠢᠶᠣᠤ ᠪᠦᠯᠦᠭᠯᠡᠯ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/21
     
     ᠵᠠᠰᠠᠭ ᠠᠵᠤ ᠠᠬᠤᠶᠢᠯᠠᠯ ᠬᠠᠮᠲᠤᠷᠠᠨ ᠠᠵᠢᠯᠯᠠᠵᠤ᠂ ᠢᠷᠡᠭᠡᠳᠦᠶ ᠪᠠᠨ ᠬᠠᠮᠲᠤ ᠪᠠᠷ ᠴᠣᠭᠴᠠᠯᠠᠨ᠎ᠠ᠃ 3 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠱᠠᠨᠰᠢ ᠶᠢᠨ ᠯᠦ ᠴᠢᠶᠣᠤ ᠪᠦᠯᠦᠭᠯᠡᠯ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠤᠬᠢᠷᠠᠯᠴᠠᠵᠠᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠵᠤ ᠠᠬᠤᠶᠢᠯᠠᠯ ᠤᠨ ᠤᠬᠠᠭᠤᠯᠭ᠎ᠠ ᠶᠢᠨ ᠹᠢᠯᠢᠮ ᠢ ᠦᠵᠡᠭᠰᠡᠨ ᠪᠥᠭᠡᠳ ᠲᠦᠷᠦᠯ ᠵᠦᠢᠯ ᠤᠨ ᠬᠠᠮᠲᠤᠷᠠᠯᠴᠠᠭ᠎ᠠ᠂ ᠬᠤᠣᠰ ᠴᠢᠭᠯᠡᠯ ᠤᠨ ᠴᠢᠳᠠᠪᠤᠷᠢ ᠶᠢᠨ ᠲᠣᠭᠤᠷᠢᠨ ᠳᠤ ᠭᠦᠨᠵᠡᠭᠡᠢ ᠰᠣᠯᠢᠯᠴᠠᠨ ᠶᠠᠷᠢᠯᠴᠠᠵᠠᠢ᠃ ᠬᠤᠶᠠᠷ ᠲᠠᠯ᠎ᠠ ᠪᠠᠷ ᠢᠶᠠᠨ ᠪᠠᠲᠤ ᠪᠠᠬᠢ ᠲᠤᠬᠠᠶᠢᠯᠠᠭᠰᠠᠨ ᠠᠵᠢᠯ ᠤᠨ ᠰᠠᠭᠤᠷᠢ ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠭᠡᠵᠦ ᠰᠠᠨᠠᠯ ᠨᠢᠭᠡᠲᠡᠢ ᠦᠵᠡᠵᠦ᠂ ᠢᠷᠡᠭᠡᠳᠦᠢ ᠳᠤ ᠲᠤᠰ ᠲᠤᠰ ᠤᠨ ᠢᠶᠠᠨ ᠳᠠᠪᠠᠭᠤᠯᠢᠭ ᠡᠬᠢ ᠪᠠᠶᠠᠯᠢᠭ ᠤᠨ ᠲᠣᠭᠤᠷᠢᠨ ᠳᠤ ᠰᠢᠯᠢᠳᠡᠭ ᠬᠠᠮᠲᠤᠷᠠᠯᠴᠠᠭᠠᠨ ᠤ ᠲᠦᠷᠦᠯ ᠵᠦᠢᠯ ᠢ ᠰᠦᠪᠡᠭᠴᠢᠯᠡᠨ ᠠᠬᠢᠭᠤᠯᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠣᠯᠭᠤᠨ᠎ᠠ ᠭᠡᠵᠦ ᠬᠠᠮᠲᠤᠪᠠᠷ ᠢᠯᠡᠳᠬᠡᠵᠡᠢ᠃      ᠱᠠᠨᠰᠢ ᠶᠢᠨ ᠯᠦ ᠴᠢᠶᠣᠤ ᠪᠦᠯᠦᠭᠯᠡᠯ ᠤᠨ ᠬᠠᠷᠢᠭᠤᠴᠠᠯᠭᠠᠲᠠᠨ ᠠᠴᠠ ᠪᠦᠯᠦᠭᠯᠡᠯ ᠤᠨ ᠦᠨᠳᠦᠰᠦᠨ ᠲᠦᠢᠮᠣ ᠪᠠᠶᠢᠳᠠᠯ᠂ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠣᠯᠤᠨ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠲᠠᠨᠢᠯᠴᠠᠭᠤᠯᠪᠠ᠃ ᠲᠡᠷᠡ᠂ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠭᠤᠤ ᠹᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠱᠠᠨᠰᠢ ᠶᠢᠨ ᠯᠦ ᠴᠢᠶᠣᠤ ᠪᠦᠯᠦᠭᠯᠡᠯ ᠤᠨ ᠤᠳᠤᠷᠢᠳᠬᠤ ᠪᠠᠭ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠵᠤ᠂ ᠦᠨᠡᠨᠴᠢ ᠢᠲᠡᠭᠡᠮᠵᠢᠲᠡᠢ ᠪᠠᠷ ᠬᠠᠷᠢᠯᠴᠠᠨ ᠬᠠᠪᠰᠤᠷᠤᠯᠴᠠᠵᠤ᠂ ᠬᠠᠮᠲᠤᠷᠠᠯᠴᠠᠭ᠎ᠠ ᠪᠠᠨ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠤᠨᠴᠠᠯᠢᠬᠳᠤ ᠳᠠᠪᠠᠭᠤᠯᠢᠭ ᠪᠣᠯᠤᠨ ᠣᠷᠣᠨ ᠨᠤᠲᠤᠭ ᠤᠨ ᠡᠬᠢ ᠪᠠᠶᠠᠯᠢᠭ ᠢ ᠨᠢᠭᠲᠠ ᠤᠶᠠᠯᠳᠤᠭᠤᠯᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠳᠤ ᠭᠠᠷ ᠬᠤᠯᠪᠣᠨ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠢᠷᠡᠭᠡᠳᠦᠢ ᠶᠢ ᠬᠠᠮᠲᠤᠪᠠᠷ ᠴᠣᠭᠴᠠᠯᠠᠬᠤ ᠪᠠᠷ ᠴᠢᠷᠮᠠᠶᠢᠬᠤ ᠶᠢ ᠬᠦᠰᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ᠂ ᠱᠠᠨᠰᠢ ᠶᠢᠨ ᠯᠦ ᠴᠢᠶᠣᠤ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠰᠢᠶᠧ ᠭᠠᠩ᠂ ᠬᠤᠯᠪᠣᠭᠳᠠᠯ ᠪᠥᠬᠦᠶ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠪᠦᠯᠦᠭᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号