ᠾᠧ ᠬᠠᠢ ᠳ᠋ᠦᠩ ᠪᠧᠨ ᠶᠤᠸᠠᠨ ᠺᠧᠨᠠᠲ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠹᠧᠢ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/3/23
     ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠨᠠᠷ ᠾᠧᠹᠧᠢ ᠬᠤᠳᠠ ᠳᠤ ᠬᠦᠷᠴᠦ ᠪᠧᠨ ᠶᠤᠸᠠᠨ ᠺᠸᠠᠨ᠋ᠲ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠹᠧᠢ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ᠂ ᠪᠧᠨ ᠶᠤᠸᠠᠨ ᠺᠸᠠᠨ᠋ᠲ ᠺᠣᠮᠫᠢᠦ᠋ᠲ᠋ᠧᠷ ᠤᠨ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ᠂ ᠪᠧᠨ ᠶᠤᠸᠠᠨ ᠺᠸᠠᠨ᠋ᠲ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠹᠧᠢ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠬᠤᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠪᠧᠨ ᠶᠤᠸᠠᠨ ᠺᠣᠮᠫᠠᠨᠢ  ᠨᠢ ᠳᠤᠮᠳᠠᠳᠤ ᠤᠯᠤᠰ ᠤᠨ ᠠᠩᠬᠠᠳᠠᠭᠴᠢ ᠺᠸᠠᠨ᠋ᠲ ᠪᠣᠳᠣᠯᠭ᠎ᠠ ᠶᠢᠨ ᠲᠤᠰᠬᠠᠢ ᠮᠡᠷᠭᠡᠵᠢᠯ ᠤᠨ ᠺᠣᠮᠫᠠᠨᠢ ᠪᠠ ᠭᠠᠭᠴᠠ ᠡᠪᠡᠷᠲᠦ ᠭᠥᠷᠥᠭᠡᠰᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠡᠳᠦ ᠳᠠᠮᠵᠢᠭᠤᠯᠤᠭᠴᠢ ᠪᠠ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠲᠤ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠃ ᠣᠳᠣᠬᠠᠨ ᠳᠤ ᠂ ᠬᠥᠬᠡᠬᠤᠲᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠬᠤ ᠪᠠ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠶᠢ ᠢᠳᠡᠪᠬᠢᠲᠡᠢ ᠲᠥᠯᠥᠪᠵᠢᠭᠦᠯᠵᠦ ᠪᠠᠶᠢᠨ᠎ᠠ᠂ ᠠᠵᠤ ᠠᠬᠤᠶᠢᠯᠠᠯ ᠤᠨ ᠬᠢᠨ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠨ ᠳᠤ ᠬᠥᠬᠡᠬᠤᠲᠠ ᠲᠠᠢ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠂ ᠬᠥᠬᠡᠬᠤᠲᠠ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠲᠡᠬᠡᠨ ᠬᠠᠮᠲᠤᠷᠠᠯᠴᠠᠭᠠᠨ ᠤ ᠰᠠᠨᠠᠯ ᠨᠢᠭᠡᠳᠬᠦ ᠶᠢ ᠬᠦᠰᠡᠵᠦ ᠪᠠᠶᠢᠨ᠎ᠠ ᠭᠡᠵᠡᠢ      ᠵᠠᠩ ᠬᠤᠢ ᠠᠴᠠ ᠾᠧ ᠬᠠᠢ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠪᠧᠨ ᠶᠤᠸᠠᠨ ᠺᠣᠮᠫᠠᠨᠢ ᠶᠢ ᠨᠤᠲᠠᠯᠠᠵᠤ ᠪᠠᠶᠢᠬᠤ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠬᠢᠨ ᠰᠢᠨ᠎ᠡ ᠮᠠᠲ᠋ᠧᠷᠢᠶᠠᠯ ᠵᠢᠴᠢ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠠᠢ᠂ ᠠᠯᠤᠰ ᠢᠷᠡᠭᠡᠳᠦᠢ ᠠᠭᠤᠳᠠᠮ ᠰᠠᠷᠠᠭᠤᠯ᠂ ᠪᠧᠨ ᠶᠤᠸᠠᠨ ᠺᠣᠮᠫᠠᠨᠢ ᠵᠣᠯᠭᠠᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠤᠨ᠎ᠠ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号