ᠬᠤᠷᠢᠨᠭᠡᠷ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 19 ᠤ ᠡᠳᠦᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠲᠤᠷᠠᠨ ᠪᠠᠶᠢᠭᠤᠯᠤᠭᠰᠠᠨ ᠰᠢᠯᠭᠠᠨ ᠠᠪᠬᠤ ᠳᠤᠭᠤᠶᠢᠯᠠᠩ ᠨᠢ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠢ ᠰᠢᠯᠭᠠᠨ ᠠᠪᠤᠭᠰᠠᠨ ᠪᠠᠶᠢᠨ᠎ᠠ᠃      ᠰᠢᠯᠭᠠᠨ ᠠᠪᠬᠤ ᠳᠤᠭᠤᠶᠢᠯᠠᠩ ᠤᠨ ᠬᠢᠨ ᠮᠠᠲ᠋ᠧᠷᠢᠶᠠᠯ ᠢ ᠰᠢᠯᠵᠢᠭᠦᠯᠦᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠦᠢᠯᠡᠳᠪᠦᠷᠢ ᠶᠢᠨ ᠲᠠᠰᠤᠭ᠂ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠪᠠ ᠲᠤᠷᠰᠢᠨ ᠠᠵᠢᠯᠯᠠᠭᠤᠯᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠰᠢᠯᠭᠠᠪᠠ᠃ ᠬᠢᠨᠠᠨ ᠬᠠᠷᠭᠤᠭᠤᠯᠵᠤ ᠦᠨᠡᠯᠡᠨ ᠵᠢᠱᠢᠬᠦ ᠪᠠᠷ ᠳᠡᠮᠵᠢᠨ᠂ ᠰᠢᠯᠭᠠᠨ ᠠᠪᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠥᠯ ᠵᠦᠢᠯ ᠨᠢ ᠤᠯᠤᠰ ᠤᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠵᠦ᠂ ᠵᠢᠱᠢᠭᠰᠡᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠳᠤ ᠭᠦᠷᠦᠭᠰᠡᠨ ᠪᠣᠯᠬᠤᠷ ᠵᠠᠷᠴᠢᠮ ᠳᠡᠭᠡᠷ᠎ᠡ ᠪᠠᠨ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠨ᠎ᠠ ᠭᠡᠵᠦ ᠦᠵᠡᠪᠡ᠃ ᠡᠭᠦᠨ ᠤ ᠵᠡᠷᠭᠡᠴᠡᠭᠡᠪᠡᠷ ᠰᠢᠯᠭᠠᠨ ᠠᠪᠬᠤ ᠳᠤᠭᠤᠶᠢᠯᠠᠩ ᠤᠨ ᠬᠢᠨ ᠪᠠᠰᠠ ᠲᠦᠷᠥᠯ ᠵᠦᠢᠯ ᠳᠤ ᠣᠷᠣᠰᠢᠵᠤ ᠪᠠᠶᠢᠭ᠎ᠠ ᠵᠠᠷᠢᠮ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠭᠰᠠᠨ ᠪᠥᠭᠡᠳ ᠥᠭᠡᠷᠡᠴᠢᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号