ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/3/25
     ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠵᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 8 ᠤ ᠡᠳᠦᠷ ᠠᠴᠠ 3 ᠰᠠᠷ᠎ᠠ ᠶᠢᠨ 14 ᠤ ᠡᠳᠦᠷ ᠪᠣᠯᠲᠠᠯ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠵᠢᠩ ᠨᠦᠩ ᠴᠠᠬᠢᠯᠭᠠᠨ ᠤ ᠦᠢᠯᠡᠳᠪᠦᠷᠢ᠂ ᠰᠢᠨ᠎ᠡ ᠳᠡᠯᠭᠡᠭᠦᠷ ᠴᠠᠬᠢᠯᠭᠠᠨ ᠤ ᠦᠢᠯᠡᠳᠪᠦᠷᠢ᠂ ᠮᠧᠩ ᠨᠢᠦ ᠨᠢᠭᠡᠳᠦᠭᠡᠷ ᠬᠤᠭᠤᠴᠠᠭᠠᠨ ᠤ ᠦᠢᠯᠡᠳᠪᠦᠷᠢ ᠳᠤ ᠬᠦᠷᠴᠦ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠪᠠ᠃      ᠪᠠᠶᠢᠴᠠᠭᠠᠯᠲᠠ ᠶᠢᠨ ᠳᠤᠮᠳᠠ᠂ ᠠᠵᠤ ᠠᠬᠤᠶᠢᠯᠠᠯ ᠤᠨ ᠰᠢᠩᠭᠡᠨ ᠰᠢᠪᠲᠦᠷ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠳᠦᠷ ᠲᠤᠲᠤᠮ ᠤᠨ ᠲᠣᠭᠤᠷᠢᠨ ᠪᠠᠶᠢᠴᠠᠭᠠᠭᠰᠠᠨ ᠲᠡᠮᠳᠡᠭᠯᠡᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠬᠡ ᠲᠠᠩᠰᠠ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠳᠤ ᠴᠢᠭᠯᠡᠭᠦᠯᠦᠨ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠠᠶᠢᠴᠠᠭᠠᠬᠤ ᠳᠤᠭᠤᠶᠢᠯᠠᠩ ᠨᠢ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ ᠰᠢᠩᠭᠡᠨ ᠰᠢᠪᠲᠦᠷ ᠢᠶᠠᠷ ᠬᠥᠯᠳᠡᠭᠡᠬᠦ ᠰᠢᠰᠲ᠋ᠧᠮ ᠤᠨ ᠠᠮᠤᠷ ᠲᠦᠪᠰᠢᠨ ᠢᠶᠠᠷ ᠠᠵᠢᠯᠯᠠᠬᠤ ᠨᠥᠬᠦᠴᠡᠯ᠂ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠲᠠᠯ᠎ᠠ ᠪᠠᠷ ᠬᠡᠮ ᠰᠣᠭᠤᠭ ᠢ ᠵᠢᠭᠰᠠᠭᠠᠨ ᠪᠠᠶᠢᠴᠠᠭᠠᠪᠠ︔ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠵᠠᠷᠯᠢᠭ ᠪᠠᠭᠤᠯᠭᠠᠵᠤ᠂ ᠠᠵᠤ ᠠᠬᠤᠶᠢᠯᠠᠯ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠪᠠᠷ ᠳᠡᠮᠵᠢᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠨᠢᠭᠡᠴᠢ ᠶᠢᠨ ᠬᠠᠷᠢᠭᠤᠴᠠᠯᠭᠠᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ︽ᠬᠥᠮᠦᠨ ᠪᠦᠬᠦᠨ ᠠᠮᠤᠷ ᠲᠦᠪᠰᠢᠨ ᠳᠤ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠳᠤ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号