︵ᠰᠤᠷᠪᠤᠯᠵᠢᠯᠠᠭᠴᠢ ᠯᠢᠦ ᠯᠢ ᠰᠢᠶᠠ︶ 3 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠬᠤᠲᠠ ᠶᠢᠨ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠵᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠲᠠᠭᠤ ᠰᠢᠩᠭᠡᠭᠡᠯᠲᠡ ᠶᠢ ᠨᠡᠪᠲᠡᠷᠡᠭᠦᠯᠬᠦ᠂ ᠭᠠᠯ ᠰᠡᠷᠭᠡᠶᠢᠯᠡᠬᠦ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠭᠠᠯ ᠤᠨ ᠭᠠᠮᠰᠢᠭ ᠢ ᠰᠡᠷᠭᠡᠶᠢᠯᠡᠨ ᠤᠨᠲᠠᠷᠠᠭᠠᠬᠤ ᠪᠠ | ᠠᠶᠤᠯ ᠠᠴᠠ ᠪᠠᠴᠢᠮ ᠵᠠᠶᠢᠯᠠᠬᠤ ᠮᠡᠳᠡᠯᠭᠡ᠂ ᠭᠠᠯ ᠤᠨ ᠭᠠᠮᠰᠢᠭ ᠤᠨ ᠨᠡᠶᠢᠲᠡᠯᠢᠭ ᠵᠢᠱᠢᠶ᠎ᠡ᠂ ᠭᠠᠯ ᠤᠨᠲᠠᠷᠠᠭᠠᠬᠤ | ᠮᠠᠰᠢᠨ ᠪᠠᠭᠠᠵᠢ ᠲᠣᠨᠣᠭᠯᠠᠯ ᠤᠨ ᠴᠢᠳᠠᠮᠵᠢ ᠶᠢ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ | ᠣᠯᠠᠨ ᠲᠦᠮᠡᠨ ᠤ ᠬᠠᠤᠯᠢᠵᠢᠯ ᠤᠨ ᠦᠵᠡᠯᠲᠡ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠥᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠪᠡ᠃ | 3 ᠳ᠋ᠤᠭᠠᠷ ᠰᠠᠷ᠎ᠠ ᠶᠢᠨ ᠰᠡᠭᠦᠯᠴᠢ ᠠᠴᠠ ᠨᠠᠭᠠᠰᠢ᠂ ᠪᠥᠬᠦ ᠬᠤᠲᠠ ᠶᠢᠨ ᠡᠯ᠎ᠡ ᠱᠠᠲᠤᠨ ᠤ ᠣᠶ ᠰᠢᠭᠤᠢ | ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ᠂ ᠭᠠᠯ ᠤᠨ ᠭᠠᠮᠰᠢᠭ ᠢ ᠤᠷᠢᠳᠴᠢᠯᠠᠨ | ᠰᠡᠷᠭᠡᠶᠢᠯᠡᠬᠦ ᠪᠠ ᠡᠷᠲᠡ ᠠᠴᠠ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠬᠠᠪᠤᠷ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠡᠷᠬᠡ ᠰᠡᠳᠦᠪ ᠢ ᠰᠢᠢᠳᠪᠦᠷᠢᠯᠡᠬᠦ | ᠳᠠᠶᠢᠯᠠᠯᠳᠤᠭᠠᠨ ᠤ ᠡᠯ᠎ᠡ ᠵᠦᠢᠯ ᠤᠨ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠠᠷᠠᠳ ᠢᠶᠠᠷ ᠢᠶᠠᠨ | ᠠᠩᠬᠠᠷᠤᠨ ᠣᠷᠣᠯᠴᠠᠬᠤ᠂ ᠪᠥᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ | ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃ ᠬᠠᠮ ᠵᠠᠭᠤᠴᠢᠯᠠᠭᠤᠷ᠂ ᠭᠠᠷ ᠤᠲᠠᠰᠤᠨ ᠤ ᠡᠭᠡᠰᠢᠭᠲᠦ | ᠬᠤᠩᠬᠤ᠂ ᠭᠡᠷ ᠤᠨ ᠭᠠᠳᠠᠨᠠᠬᠢ LED ᠳᠡᠯᠭᠡᠴᠡ ᠪᠠᠷ ᠣᠬᠤᠷ ᠸᠢᠳᠢᠤ᠋ ᠪᠠ ᠨᠡᠶᠢᠲᠡ ᠶᠢᠨ ᠠᠰᠠᠷᠠᠮᠵᠢ ᠶᠢᠨ ᠵᠠᠷ | ᠮᠡᠳᠡᠭᠡ ᠨᠡᠪᠲᠡᠷᠡᠭᠦᠯᠬᠦ᠂ ᠭᠠᠯ ᠰᠡᠷᠭᠡᠶᠢᠯᠡᠬᠦ ᠴᠠᠭᠠᠵᠠᠯᠠᠬᠤ ᠵᠠᠷᠯᠢᠭ ᠨᠠᠭᠠᠬᠤ᠂ ᠭᠠᠯ ᠤᠨ ᠡᠬᠢ ᠶᠢ ᠬᠠᠮᠢᠶᠠᠷᠤᠨ | ᠡᠵᠡᠮᠳᠡᠬᠦ ᠠᠯᠪᠠᠨ ᠵᠠᠷ ᠨᠡᠶᠢᠲᠡᠯᠡᠬᠦ᠂ ᠠᠶᠢᠯ ᠲᠣᠰᠬᠤᠨ ᠳᠤ ᠬᠦᠷᠴᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ︽ᠬᠠᠩᠰᠢ︾ ︽ | ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ ᠪᠠᠰᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠠᠯᠪᠠᠨ | ᠰᠦᠯᠵᠢᠶ᠎ᠡ᠂ ᠬᠠᠮ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ᠂ ᠭᠠᠷ ᠤᠲᠠᠰᠤᠨ ᠤ ᠣᠬᠤᠷ ᠮᠡᠳᠡᠭᠡ ᠪᠣᠯᠣᠨ | ᠡᠭᠡᠰᠢᠭᠲᠦ ᠬᠤᠨᠭ᠍ᠬᠤ᠂ ᠭᠡᠷ ᠤᠨ ᠭᠠᠳᠠᠨᠠᠬᠢ LED ᠳᠡᠯᠭᠡᠴᠡ ᠵᠡᠷᠭᠡ ᠵᠠᠭᠤᠴᠢᠯᠠᠭᠤᠷ ᠤᠨ ᠮᠡᠳᠡᠭᠡ ᠵᠠᠩᠭᠢ ᠶᠢᠨ | ᠲᠠᠪᠴᠠᠩ ᠢ ᠤᠯᠠᠮ ᠨᠢᠭᠡ ᠠᠯᠬᠤᠮ ᠠᠮᠢᠳᠤᠯᠢᠭ ᠢᠶᠠᠷ ᠬᠡᠷᠡᠭᠯᠡᠬᠦ ᠪᠣᠯᠣᠨ᠎ᠠ᠃ ᠤᠬᠠᠭᠤᠯᠭ᠎ᠠ ᠶᠢᠨ ᠲᠡᠷᠭᠡ᠂ | ᠤᠬᠠᠭᠤᠯᠭ᠎ᠠ ᠶᠢᠨ ᠪᠤᠯᠤᠩ᠂ ᠯᠣᠽᠦ᠋ᠩ ᠫᠠᠶᠢᠰᠠ᠂ ᠲᠣᠰᠬᠤᠨ ᠪᠣᠯᠭᠠᠨ ᠳᠤ ᠨᠡᠪᠲᠡᠷᠡᠭᠦᠯᠬᠦ ᠷᠠᠳᠢᠣ᠋ ᠨᠡᠪᠲᠡᠷᠡᠭᠦᠯᠭᠡ᠂ | ᠦᠵᠡᠮᠵᠢ ᠶᠢᠨ ᠣᠷᠣᠨ ᠳᠤ ᠨᠡᠪᠲᠡᠷᠡᠭᠦᠯᠬᠦ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠬᠠᠭᠤᠳᠠᠰᠤ᠂ | ᠤᠬᠠᠭᠤᠯᠭ᠎ᠠ ᠶᠢᠨ ᠵᠦᠢᠯ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ | |