ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠷᠦᠩᠬᠡᠢ ᠵᠠᠷᠤᠳᠠᠯ 2.05 ᠳ᠋ᠦᠩᠰᠢᠭᠤᠷ ᠲᠥᠭᠦᠷᠢᠭ ᠲᠤ ᠬᠦᠷᠴᠦ ᠰᠢᠨ᠎ᠡ ᠲᠡᠮᠳᠡᠭᠯᠡᠯ ᠢ ᠡᠭᠦᠳᠴᠡᠢ
ᠨᠡᠶᠢᠲᠡᠯᠡᠭᠰᠡᠨ ᠴᠠᠭ᠄
2024/3/27
     ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠬᠢᠭᠡᠳ ᠦᠷ᠎ᠡ ᠪᠦᠲᠦᠭᠡᠯ ᠢ ᠤᠯᠠᠷᠢᠭᠤᠯᠬᠤ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ 2023 ᠣᠨ ᠳᠤ ᠲᠣᠰ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠷᠦᠩᠬᠡᠢ ᠵᠠᠷᠤᠳᠠᠯ ᠨᠢ 2.05 ᠳ᠋ᠦᠩᠰᠢᠭᠤᠷ ᠲᠥᠭᠦᠷᠢᠭ ᠲᠤ ᠬᠦᠷᠴᠡᠢ᠃      ︽ᠮᠧᠩ ᠺᠧ ᠵᠢᠦᠢ︾ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠲᠤᠰ ᠰᠤᠷᠭᠠᠭᠤᠯᠢ ᠵᠠᠩ ᠶᠦᠩ ᠹᠧᠩ ᠫᠷᠤᠹᠧᠰᠰᠤᠷ ᠤᠨ ᠪᠦᠯᠭᠦᠮ ᠤᠨ ︽ᠨᠡᠭᠦᠷᠡᠰᠦ ᠪᠠᠷ ᠰᠠᠭᠤᠷᠢ ᠪᠤᠯᠭᠠᠬᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠠᠭ᠎ᠠ ᠨᠡᠭᠦᠷᠡᠰᠦᠲᠥ᠋ᠷᠥᠭᠴᠢ ᠪᠠᠷ ᠠᠰᠢᠭᠯᠠᠬᠤ ᠪᠠ ᠥᠨᠳᠥᠷ ᠥᠷᠲᠡᠭᠲᠦ ᠮᠠᠲ᠋ᠧᠷᠢᠶᠠᠯ ᠦᠢᠯᠡᠳᠬᠦ ᠮᠡᠷᠭᠡᠵᠢᠯ︾ ᠤᠨ ᠦᠷ᠎ᠡ ᠪᠦᠲᠦᠭᠡᠯ ᠢ 1000  ᠲᠦᠮᠡᠨ ᠲᠥᠭᠦᠷᠢᠭ ᠤᠨ ᠦᠨ᠎ᠡ ᠪᠠᠷ ᠤᠯᠠᠷᠢᠭᠤᠯᠬᠤ ᠶᠢ ᠪᠡᠶᠡᠯᠡᠭᠦᠯᠪᠡ᠂ ᠡᠨᠡ ᠪᠣᠯ ᠣᠶᠢᠷ᠎ᠠ ᠶᠢᠨ ᠵᠢᠯ ᠤᠨ ᠲᠤᠷᠰᠢᠬᠢ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠤᠯᠠᠷᠢᠭᠤᠯᠤᠭᠰᠠᠨ ᠠᠩᠬᠠᠳᠠᠭᠴᠢ ᠮᠢᠩᠭᠠᠨ ᠲᠦᠮᠡᠨ ᠲᠥᠭᠦᠷᠢᠭ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠᠶᠢᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠭᠠᠭᠴᠠ ᠵᠦᠢᠯ ᠤᠨ ᠭᠡᠷ᠎ᠡ ᠶᠢᠨ ᠬᠠᠮᠤᠭ ᠤᠨ ᠶᠡᠭᠡ ᠵᠣᠭᠤᠰ ᠤᠨ ᠲᠤᠭ᠎ᠠ ᠶᠢ ᠡᠭᠦᠳᠴᠦ᠂ ᠵᠢᠱᠢᠶ᠎ᠡ ᠦᠵᠡᠭᠦᠯᠭᠦ  ᠳᠠᠭᠠᠭᠤᠯᠤᠭᠴᠢ  ᠦᠢᠯᠡᠳᠦᠯ ᠢ  ᠪᠤᠶ ᠪᠣᠯᠭᠠᠵᠠᠢ᠃      ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂︽ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠣᠯᠠᠨ ᠵᠦᠢᠯ ᠤᠨ ᠳᠦᠷᠢᠮ ᠳᠤ ᠵᠠᠰᠠᠪᠤᠷᠢ ᠣᠷᠣᠭᠤᠯᠵᠤ᠂ ᠵᠠᠷᠤᠳᠠᠯ ᠤᠨ ᠡᠵᠡᠨ ᠮᠡᠳᠡᠬᠦ ᠡᠷᠬᠡ ᠶᠢ ᠤᠯᠠᠮ ᠠᠭᠤᠵᠢᠭᠤ ᠲᠠᠯᠪᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠵᠣᠬᠢᠴᠠᠭᠤᠯᠤᠨ ᠰᠢᠨ᠎ᠡ ᠶᠢ ᠡᠭᠦᠳᠬᠦ ᠦᠵᠡᠯ ᠤᠬᠠᠮᠰᠠᠷ ᠢ ᠪᠦᠲᠦᠮᠵᠢᠲᠡᠶ ᠭᠦᠭᠵᠢᠭᠡᠪᠠ; ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠦᠷ᠎ᠡ ᠪᠦᠲᠦᠭᠡᠯ ᠢ ᠤᠯᠠᠷᠢᠭᠤᠯᠬᠤ ᠰᠠᠯᠠᠭ᠎ᠠ ᠮᠥᠴᠢᠷ ᠢ ᠲᠦᠷᠦᠭᠦᠯᠡᠨ ᠪᠠᠶᠢᠭᠤᠯᠵᠤ᠂  ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠬᠢᠵᠠᠭᠠᠷᠲᠤ ᠺᠤᠮᠫᠠᠨᠢ ᠶᠢ ᠳᠠᠩᠰᠠᠯᠠᠭᠤᠯᠤᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠠᠰᠢᠭᠯᠠᠵᠤ ᠪᠣᠯᠬᠤᠶᠢᠴᠠ ᠲᠤᠷᠰᠢᠯᠭ᠎ᠠ ᠬᠠᠩᠭᠠᠪᠠ᠃ ︽ᠤᠯᠤᠰ ᠤᠨ ᠮᠡᠷᠭᠡᠵᠢᠯ  ᠰᠢᠯᠵᠢᠭᠦᠯᠬᠦ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ︵ᠥᠪᠥᠷ ᠮᠣᠩᠭᠤᠯ︶︾ ᠳᠤ ᠲᠦᠰᠢᠭᠯᠡᠨ᠂  ᠥᠪᠡᠷᠲᠡᠭᠡᠨ ᠵᠠᠰᠠᠬᠤ ᠣᠷᠣᠨ ᠳᠤ 3000 ᠭᠠᠷᠤᠢ ᠮᠡᠷᠭᠡᠵᠢᠯ ᠤᠨ ᠵᠠᠭᠤᠴᠢᠯᠠᠭᠴᠢ ᠶᠢ ᠬᠥᠮᠥᠵᠢᠭᠦᠯᠦᠨ ᠥᠭᠴᠦ᠂ ᠪᠦᠭᠦ ᠣᠷᠣᠨ ᠳᠤ ᠬᠠᠨᠳᠤᠭᠤᠯᠤᠨ 63 ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠵᠠᠭᠤᠴᠢᠯᠠᠭᠴᠢ ᠶᠢ ᠢᠯᠡ ᠪᠠᠷ ᠤᠷᠢᠨ ᠰᠣᠩᠭᠤᠵᠤ᠂ 23 ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠪᠠᠶᠢᠭᠤᠯᠤᠮᠵᠢ ᠬᠢᠭᠡᠳ ᠦᠷ᠎ᠡ ᠪᠦᠲᠦᠭᠡᠯ ᠢ ᠤᠯᠠᠷᠢᠭᠤᠯᠬᠤ ᠬᠠᠮᠲᠤᠷᠠᠯᠴᠠᠭᠠᠨ ᠤ ᠪᠠᠶᠢᠭᠤᠯᠤᠮᠵᠢ ᠯᠤᠭ᠎ᠠ ᠭᠡᠷ᠎ᠡ ᠲᠣᠭᠲᠠᠵᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠪᠦᠭᠦ ᠲᠠᠯ᠎ᠠ ᠪᠠᠷ ᠬᠦᠴᠦᠨ ᠨᠡᠮᠡᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号