| | ︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ | ᠭᠦᠢᠴᠡᠳᠬᠡᠬᠦ ᠠᠯᠪᠠᠨ ᠭᠡᠷ ᠤᠨ ᠵᠢᠯᠣᠭᠤᠳᠤᠨ ᠲᠣᠬᠢᠷᠠᠭᠤᠯᠬᠤ ᠲᠥᠪ ᠠᠴᠠ ᠣᠶᠢᠯᠠᠭᠠᠭᠰᠠᠨ ᠨᠢ᠂ 3 ᠳ᠋ᠤᠭᠠᠷ | ᠰᠠᠷ᠎ᠠ ᠶᠢᠨ 19 ᠤ ᠡᠳᠦᠷ᠂ ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠬᠡᠷᠡᠭᠯᠡᠯᠲᠡ ᠳᠤ | ᠣᠷᠣᠭᠤᠯᠪᠠ᠃ | ᠣᠶᠢᠯᠠᠭᠠᠭᠰᠠᠨ ᠢᠶᠠᠷ᠂ ᠬᠤᠲᠠ ᠶᠢᠨ ᠠᠷᠠᠳ ︽12345︾ ᠬᠠᠯᠠᠮᠰᠢᠯ ᠤᠲᠠᠰᠤ ᠶᠢ ᠵᠠᠯᠭᠠᠵᠤ ᠲᠡᠷᠭᠡ | ᠰᠢᠯᠵᠢᠭᠦᠯᠬᠦ ᠦᠢᠯᠡᠴᠢᠯᠡᠭᠡ ᠭᠤᠶᠤᠴᠢᠯᠠᠵᠤ ᠪᠣᠯᠣᠨ᠎ᠠ᠂ ᠤᠲᠠᠰᠤ ᠵᠠᠯᠭᠠᠭᠴᠢ ᠬᠤᠲᠠ ᠶᠢᠨ ᠠᠷᠠᠳ ᠤᠨ ᠬᠠᠩᠭᠠᠭᠰᠠᠨ | ᠲᠡᠷᠭᠡᠨ ᠨᠣᠮᠧᠷ ᠢ ᠦᠨᠳᠦᠰᠦᠯᠡᠨ ᠲᠡᠷᠭᠡᠨ ᠤ ᠡᠵᠡᠨ ᠤ ᠮᠡᠳᠡᠭᠡ ᠵᠠᠩᠭᠢ ᠶᠢ ᠯᠠᠪᠯᠠᠵᠤ᠂ ᠭᠤᠷᠪᠠᠳᠠᠭᠢ ᠡᠲᠡᠭᠡᠳ ᠢᠶᠠᠷ | ᠰᠢᠯᠵᠢᠭᠦᠯᠦᠨ ᠵᠠᠯᠭᠠᠬᠤ ᠵᠠᠭᠪᠤᠷ ᠢᠶᠠᠷ ᠳᠠᠮᠵᠢᠭᠤᠯᠤᠨ ᠬᠤᠲᠠ ᠶᠢᠨ ᠠᠷᠠᠳ ᠲᠤ ᠲᠡᠷᠭᠡᠨ ᠤ ᠡᠵᠡᠨ ᠲᠠᠢ ᠬᠠᠷᠢᠯᠴᠠᠵᠤ | ᠥᠭᠬᠦ ᠶᠢᠨ ᠬᠠᠮᠲᠤ ᠦᠷ᠎ᠡ ᠳ᠋ᠦᠩ ᠢ ᠭᠤᠶᠤᠴᠢᠯᠠᠭᠴᠢ ᠳᠤ ᠬᠠᠷᠢᠭᠤ ᠲᠤᠰᠬᠠᠨ᠎ᠠ᠃ ᠬᠡᠷᠪᠡ ᠲᠡᠷᠭᠡᠨ ᠤ ᠡᠵᠡᠨ ᠤ | ᠤᠲᠠᠰᠤ ᠨᠢ ᠵᠠᠪ ᠦᠭᠡᠢ᠂ ᠲᠣᠰᠴᠤ ᠬᠥᠮᠥᠨ ᠦᠭᠡᠢ ᠵᠡᠷᠭᠡ ᠪᠠᠶᠢᠳᠠᠯ ᠲᠣᠬᠢᠶᠠᠯᠳᠤᠪᠠᠯ᠂ ᠰᠢᠰᠲ᠋ᠧᠮ ᠠᠴᠠ | ᠲᠡᠷᠭᠡᠨ ᠤ ᠡᠵᠡᠨ ᠳᠤ ᠣᠬᠤᠷ ᠮᠡᠳᠡᠭᠡ ᠬᠦᠷᠭᠡᠬᠦ ᠪᠣᠯᠣᠨ᠎ᠠ᠃ ᠣᠳᠣᠬᠢ ᠱᠠᠲᠤᠨ ᠳᠤ᠂ ᠲᠡᠷᠭᠡ ᠰᠢᠯᠵᠢᠭᠦᠯᠬᠦ | ᠦᠢᠯᠡᠴᠢᠯᠡᠭᠡ ᠨᠢ ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ︽蒙︾ ᠫᠠᠶᠢᠰᠠ ᠲᠠᠢ ᠲᠡᠷᠭᠡ ᠶᠢ | ᠳᠡᠮᠵᠢᠨ᠎ᠡ᠃ |