ᠮᠠᠨ ᠤ ᠬᠤᠲᠠ ᠶᠢᠨ 341 ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠭ᠎ᠠ ᠶᠢᠨ ᠨᠣᠷᠮ᠎ᠠ 73%  ᠬᠦᠷᠪᠡ
ᠨᠡᠶᠢᠲᠡᠯᠡᠭᠰᠡᠨ ᠴᠠᠭ᠄
2024/3/27
     ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠡᠷᠭᠢᠯᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷ ᠭᠦᠢᠴᠡᠳᠬᠡᠯ ᠢ ᠭᠦᠢᠴᠡᠳᠬᠡᠬᠦ ᠲᠤᠰᠬᠠᠢ ᠪᠣᠯᠪᠠᠰᠤᠷᠠᠭᠤᠯᠤᠯ ᠤᠨ ᠬᠤᠷᠠᠯ ᠠᠴᠠ ᠣᠶᠢᠯᠠᠭᠠᠭᠰᠠᠨ ᠨᠢ᠂ ᠣᠲᠣ ᠪᠣᠯᠲᠠᠯ᠎ᠠ᠂ ᠮᠠᠨ ᠤ ᠬᠤᠲᠠ ᠶᠢᠨ 341 ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠠᠴᠠ 249  ᠨᠢ ᠨᠢᠭᠡᠨᠲᠡ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷ ᠭᠦᠢᠴᠡᠳᠬᠡᠯ ︵ᠬᠠᠳᠠᠭᠠᠯᠠᠵᠤ ᠪᠠᠶᠢᠭ᠎ᠠ ᠭᠠᠵᠠᠷ ᠰᠢᠷᠣᠢ ᠶᠢ ᠬᠡᠷᠡᠭᠯᠡᠬᠦ ᠳᠤ ᠭᠠᠷ ᠭᠦᠢᠴᠡᠳᠬᠡᠯ ᠬᠢᠬᠦ ᠴᠢᠬᠤᠯᠠ ᠦᠭᠡᠢ ᠵᠦᠢᠯ ᠪᠠᠭᠲᠠᠨ᠎ᠠ︶ ᠢ ᠭᠦᠢᠴᠡᠳᠬᠡᠵᠦ᠂ ᠬᠡᠷᠡᠭᠯᠡᠬᠦ ᠭᠠᠵᠠᠷ ᠰᠢᠷᠤᠢ ᠶᠢᠨ ᠪᠠᠲᠤᠯᠠᠭ᠎ᠠ ᠶᠢᠨ ᠨᠣᠷᠮ᠎ᠠ ᠨᠢ 73% ᠳᠤ ᠬᠦᠷᠴᠡᠢ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠲᠠᠢ ᠪᠠᠷ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠶᠢᠨ ᠭᠠᠵᠠᠷ ᠬᠡᠷᠡᠭᠯᠡᠬᠦ ᠭᠠᠷ ᠭᠦᠢᠴᠡᠳᠬᠡᠯ ᠢ ᠭᠦᠢᠴᠡᠳᠬᠡᠬᠦ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃      ᠨᠢᠭᠡ ᠳᠤ ᠤᠷᠢᠲᠠ ᠠᠴᠠ ᠭᠠᠷᠳᠠᠵᠤ᠂ ᠨᠢᠭᠡᠳᠦᠯᠲᠡᠢ ᠲᠥᠯᠥᠪᠵᠢᠭᠦᠯᠦᠨ ᠲᠥᠯᠥᠪᠯᠡᠪᠡ᠃ ᠨᠢᠳᠤᠨᠤᠨ ᠤ ᠵᠢᠯ ᠤᠨ ᠰᠡᠭᠦᠯᠴᠢ ᠠᠴᠠ ᠨᠠᠭᠠᠰᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠡᠪᠦᠯ ᠤᠨ ᠰᠡᠯᠡᠭᠦᠦ ᠶᠢ ᠡᠪᠦᠯ ᠤᠨ ᠶᠠᠭᠠᠷᠠᠤ ᠪᠣᠯᠭᠠᠵᠤ︾᠂ ᠡᠯ᠎ᠡ ᠬᠤᠰᠢᠭᠤ ᠰᠢᠶᠠᠨ ᠲᠣᠭᠤᠷᠢᠭ᠂ ᠲᠥᠷᠥᠯ ᠵᠦᠢᠯ ᠤᠨ ᠭᠤᠣᠯ ᠴᠣᠭᠴᠠ ᠨᠢᠭᠡᠴᠢ ᠲᠠᠢ ᠤᠷᠢᠳᠴᠢᠯᠠᠨ ᠵᠣᠯᠭᠠᠭᠤᠯᠵᠤ᠂ ᠤᠷᠢᠳᠴᠢᠯᠠᠨ ᠲᠥᠯᠥᠪᠯᠡᠵᠦ᠂ ᠲᠥᠷᠥᠯ ᠵᠦᠢᠯ ᠬᠢᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠮᠢᠶᠠᠷᠤᠨ ᠡᠵᠡᠮᠳᠡᠬᠦ ᠱᠤᠭᠤᠮ ᠤᠨ ᠮᠥᠷᠭᠦᠯᠳᠦᠭᠡᠨ ᠵᠡᠷᠭᠡ ᠠᠰᠠᠭᠤᠳᠠᠯ ᠢ ᠤᠷᠢᠳᠴᠢᠯᠠᠨ ᠰᠢᠢᠳᠪᠦᠷᠢᠯᠡᠵᠦ᠂ ᠭᠠᠵᠠᠷ ᠬᠡᠷᠡᠭᠯᠡᠬᠦ ᠠᠵᠢᠯ ᠢ ᠵᠢᠯᠤᠭᠤᠳᠴᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠲᠤᠷ ᠪᠡᠯᠡᠳᠬᠡᠯ ᠬᠢᠪᠡ᠃      ᠬᠤᠶᠠᠷ ᠲᠤ ᠳᠣᠲᠣᠷ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠣᠲᠣᠭᠠᠳᠤ ᠶᠢᠨ ᠬᠢᠨᠠᠨ ᠵᠥᠪᠰᠢᠶᠡᠷᠡᠬᠦ ᠵᠦᠢᠯᠡᠰ ᠢᠶᠠᠨ ᠡᠮᠬᠢᠯᠡᠵᠦ᠂ ᠠᠵᠢᠯᠲᠠᠨ ᠤ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠢ 2 ᠠᠵᠢᠯ ᠤᠨ ᠡᠳᠦᠷ ᠪᠣᠯᠭᠠᠨ ᠪᠠᠭᠠᠰᠬᠠᠵᠤ᠂ ᠢᠨᠵᠧᠨᠧᠷᠢᠩ ᠤᠨ ᠲᠥᠯᠦᠪᠵᠢᠭᠦᠯᠭᠡ ᠶᠢᠨ ᠵᠥᠪᠰᠢᠶᠡᠷᠡᠯ ᠢ 3 ᠠᠵᠢᠯ ᠤᠨ ᠡᠳᠦᠷ ᠲᠤ ᠰᠢᠢᠳᠪᠦᠷᠢᠯᠡᠵᠦ᠂ ᠵᠢᠷᠤᠭ ᠲᠥᠯᠥᠪᠯᠡᠭᠡ ᠶᠢᠨ ᠲᠥᠰᠥᠯ ᠤᠨ ᠬᠢᠨᠠᠨ ᠪᠠᠶᠢᠴᠠᠭᠠᠯᠲᠠ ᠶᠢ 9 ᠠᠵᠢᠯ ᠤᠨ ᠡᠳᠦᠷ ᠲᠤ ᠰᠢᠢᠳᠪᠦᠷᠢᠯᠡᠵᠦ ᠳᠠᠭᠤᠰᠬᠠᠬᠤ ᠪᠣᠯᠪᠠ᠃ ᠡᠭᠦᠨ ᠤ ᠬᠠᠮᠲᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠵᠤ᠂ ᠨᠡᠭᠡᠭᠡᠯᠲᠡ ᠶᠢᠨ ᠲᠣᠭᠤᠷᠢᠭ ᠤᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠬᠤᠪᠢᠶᠠᠷᠢ ᠲᠣᠪᠴᠢᠶ᠎ᠠ ᠳᠤ ᠪᠠᠭᠤᠯᠭᠠᠵᠤ ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠨᠢᠭᠡᠳᠦᠭᠡᠷ ᠹᠷᠣᠨᠲ ᠲᠤ ᠨᠡᠮᠡᠨ ᠲᠣᠬᠢᠷᠠᠭᠤᠯᠵᠤ ᠠᠵᠢᠯᠯᠠᠭᠤᠯᠤᠨ᠂ ᠠᠵᠤ ᠠᠬᠤᠶᠢᠯᠠᠯ ᠤᠨ ᠤᠴᠢᠷ ᠶᠠᠪᠤᠳᠠᠯ ᠬᠢᠬᠦ ᠳᠡᠭᠡᠨ ᠬᠦᠷᠢᠶᠡᠯᠡᠩ ᠲᠣᠭᠤᠷᠢᠭ ᠠᠴᠠ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃      ᠭᠤᠷᠪᠠ ᠳᠤ ᠬᠠᠷᠢᠯᠴᠠᠭ᠎ᠠ ᠪᠠᠨ ᠴᠢᠩᠭᠠᠳᠬᠠᠵᠤ᠂ ᠨᠡᠶᠢᠯᠡᠯ ᠬᠦᠴᠦᠨ ᠢ ᠨᠢᠭᠲᠠᠷᠠᠭᠤᠯᠪᠠ᠃ ︽ᠤᠷᠢᠵᠤ ᠢᠷᠡᠭᠦᠯᠬᠦ︾ ᠪᠠ ︽ᠭᠠᠳᠠᠭᠰᠢ ᠭᠠᠷᠬᠤ︾ ᠶᠢ ᠬᠠᠷᠢᠯᠴᠠᠨ ᠤᠶᠠᠯᠳᠤᠭᠤᠯᠬᠤ ᠠᠷᠭ᠎ᠠ ᠪᠣᠳᠣᠯᠭ᠎ᠠ ᠶᠢ ᠠᠪᠴᠤ᠂ ᠳᠣᠲᠣᠭᠠᠳᠤ ᠳᠠᠭᠠᠨ ᠬᠡᠪ ᠪᠣᠯᠪᠠᠰᠤᠷᠠᠯ ᠴᠢᠳᠠᠪᠤᠷᠢ ᠶᠢ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠨ᠎ᠠ ᠦᠢᠯᠡᠴᠢᠯᠡᠬᠦ ᠦᠵᠡᠯ ᠤᠬᠠᠮᠰᠠᠷ ᠢ ᠴᠢᠩᠭᠠᠳᠬᠠᠨ᠂ ᠬᠢᠨᠠᠨ ᠵᠥᠪᠰᠢᠶᠡᠷᠡᠬᠦ ᠴᠠᠭ ᠢ ᠪᠠᠭᠠᠰᠬᠠᠵᠤ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠪᠠᠲᠤᠯᠠᠪᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠬᠦ᠂ ᠭᠡᠷ ᠲᠤᠨᠢ ᠬᠦᠷᠴᠦ ᠵᠣᠯᠭᠠᠭᠤᠯᠬᠤ᠂ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠰᠢᠭᠤ ᠰᠢᠶᠠᠨ ᠲᠣᠭᠤᠷᠢᠭ ᠠᠴᠠ ᠬᠤᠲᠠ ᠶᠢᠨ ᠱᠠᠲᠤ ᠬᠦᠷᠲᠡᠯ᠎ᠡ᠂ ᠳᠠᠬᠢᠨ ᠥᠪᠡᠷᠲᠡᠭᠡᠨ ᠵᠠᠰᠠᠬᠤ ᠣᠷᠣᠨ ᠬᠦᠷᠲᠡᠯ᠎ᠡ ᠨᠢᠭᠡᠳᠦᠯᠲᠡᠢ ᠬᠢᠨᠠᠨ ᠵᠥᠪᠰᠢᠶᠡᠷᠡᠬᠦ ᠶᠠᠪᠤᠴᠠ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠨᠢᠭᠡᠴᠢ ᠠᠴᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠦᠷᠲᠡᠯ᠎ᠡ ᠨᠢᠭᠡᠳᠦᠯᠲᠡᠢ ᠠᠯᠬᠤᠮ ᠢ ᠠᠪᠴᠤ᠂ ᠱᠠᠭᠠᠷᠳᠠᠯᠭ᠎ᠠ ᠪᠠ ᠪᠠᠷᠢᠮᠵᠢᠶ᠎ᠠ ᠨᠢᠭᠡᠳᠦᠯ ᠦᠭᠡᠢ ᠠᠴᠠ ᠪᠣᠯᠤᠭᠰᠠᠨ ᠠᠵᠢᠯ ᠤᠨ ᠬᠠᠷᠰᠢ ᠰᠠᠭᠠᠳ ᠢ ᠲᠤᠶᠢᠯ ᠤᠨ ᠶᠡᠭᠡ ᠪᠠᠷ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠴᠢᠳᠠᠯ ᠣᠯᠭᠤᠵᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠪᠣᠯ ᠶᠠᠭ ᠲᠣᠰ ᠲᠣᠪᠴᠢᠶ᠎ᠠ ᠶᠢᠨ ︽ᠤᠷᠢᠵᠤ ᠢᠷᠡᠭᠦᠯᠬᠦ ︾ ᠪᠣᠳᠠᠲᠠᠢ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号