ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ ᠥᠪᠥᠷ ᠮᠣᠩᠭᠤᠯ ᠤᠨ ᠺᠧ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ | ᠳᠡᠯᠭᠡᠷᠡᠭᠦᠯᠬᠦ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠬᠢᠭᠤᠯᠬᠤ ᠵᠥᠪᠯᠡᠯ᠂ ᠥᠪᠥᠷ ᠮᠣᠩᠭᠤᠯ ᠤᠨ ᠮᠧᠩ ᠳ᠋ᠦ᠋ ᠳ᠋ᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠴᠢᠯᠡᠭᠡᠨ ᠤ ᠬᠢᠵᠠᠭᠠᠷᠲᠤ ᠺᠤᠮᠫᠠᠨᠢ ᠵᠡᠷᠭᠡ 22 ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠪᠠ | 12 ᠮᠡᠷᠭᠡᠵᠢᠯ ᠤᠨ ᠭᠡᠷ᠎ᠡ ᠳᠠᠩᠰᠠᠯᠠᠬᠤ ᠪᠠᠶᠢᠭᠤᠯᠤᠮᠵᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠳᠤ ᠬᠢᠷᠢ | ᠲᠡᠩᠴᠡᠵᠡᠢ᠃ ᠡᠭᠦᠨ ᠳᠤ 3 ᠪᠠᠶᠢᠭᠤᠯᠤᠮᠵᠢ ᠦᠢᠯᠡᠴᠢᠯᠡᠭᠡᠨ ᠤ ᠠᠮᠵᠢᠯᠲᠠ ᠪᠦᠲᠦᠮᠵᠢ ᠶᠢᠨ ᠨᠢᠭᠡᠳᠦᠭᠡᠷ ᠳᠡᠰ ᠢᠶᠠᠷ | ᠦᠨᠡᠯᠡᠭᠳᠡᠵᠦ᠂ 12 ᠪᠠᠶᠢᠭᠤᠯᠤᠮᠵᠢ ᠬᠤᠶᠠᠳᠤᠭᠠᠷ ᠳᠡᠰ ᠢᠶᠠᠷ ᠦᠨᠡᠯᠡᠭᠳᠡᠵᠦ᠂ 8 ᠪᠠᠶᠢᠭᠤᠯᠤᠮᠵᠢ ᠭᠤᠷᠪᠠᠳᠤᠭᠠᠷ ᠳᠡᠰ | ᠢᠶᠠᠷ ᠦᠨᠡᠯᠡᠭᠳᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠤᠯᠠᠨ ᠵᠢᠯ ᠤᠨ ᠲᠤᠷᠰᠢ᠂ ᠭᠦᠭᠡᠬᠤᠲᠠ ᠪᠦᠭᠦ ᠬᠦᠴᠦᠨ ᠢᠶᠠᠷ ᠢᠶᠠᠨ ᠲᠠᠪᠴᠠᠩ | ᠠᠴᠢᠶᠠᠯᠠᠪᠤᠷᠢ ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠪᠦᠭᠦ ᠬᠡᠯᠬᠢᠶᠡᠨ ᠤ ᠲᠣᠭᠲᠠᠴᠠ ᠶᠢ ᠪᠠᠶᠢᠭᠤᠯᠵᠤ᠂ ᠰᠠᠭᠤᠷᠢ ᠰᠤᠳᠤᠯᠭᠠᠨ ᠬᠢᠭᠡᠳ ᠦᠷ᠎ᠡ ᠪᠦᠲᠦᠭᠡᠯ ᠢ | ᠤᠯᠠᠷᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠩ ᠢᠯᠡᠭᠦᠦ ᠬᠥᠭᠵᠢᠭᠡᠨ᠂ ᠬᠥᠳᠡᠯᠭᠡᠬᠦ ᠬᠦᠴᠦᠨ ᠢ ᠨᠡᠩ | ᠴᠢᠩᠭᠠᠳᠬᠠᠪᠠ᠃ ᠣᠳᠣᠬᠠᠨ ᠳᠤ ᠭᠦᠭᠡᠬᠤᠲᠠ ᠳᠤ ᠡᠯ᠎ᠡ ᠲᠦᠷᠦᠯ ᠤᠨ ᠮᠡᠷᠭᠡᠵᠢᠯ ᠢ ᠰᠢᠯᠵᠢᠭᠦᠯᠬᠦ ᠲᠠᠪᠴᠠᠩ ᠨᠡᠶᠢᠲᠡ | 44 ᠪᠠᠶᠢᠵᠤ᠂ 832 ᠵᠦᠢᠯ ᠤᠨ ᠮᠡᠷᠭᠡᠵᠢᠯ ᠤᠨ ᠭᠡᠷ᠎ᠡ ᠶᠢ ᠬᠢᠨᠠᠨ ᠲᠣᠭᠲᠠᠭᠠᠵᠤ ᠳᠠᠩᠰᠠᠯᠠᠭᠤᠯᠬᠤ ᠶᠢ ᠠᠬᠢᠭᠤᠯᠵᠤ᠂ | ᠪᠤᠢ ᠪᠤᠯᠭᠠᠬᠰᠠᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 15.06 ᠳ᠋ᠦᠩᠰᠢᠭᠤᠷ | ᠲᠥᠭᠦᠷᠢᠭ ᠲᠤ ᠬᠦᠷᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠳᠤ ︽ᠲᠦᠷᠭᠡᠳᠬᠡᠭᠦᠷ︾ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ ᠪᠠᠶᠢᠨ᠎ᠠ᠃ |