ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠨᠠᠭᠠᠲᠤ ᠵᠠᠬ᠎ᠠ ᠶᠢ ᠪᠠᠲᠤᠯᠠᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/3/27
     ︵ᠰᠤᠷᠪᠤᠯᠵᠢᠯᠠᠭᠴᠢ ᠮᠢᠶᠣᠣ ᠰᠢᠨ︶ ᠣᠶᠢᠷ᠎ᠠ ᠳᠤ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠣᠶᠢᠯᠠᠭᠠᠭᠰᠠᠨ ᠨᠢ᠂ ᠡᠨᠡ ᠵᠢᠯ ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠨᠠᠭᠠᠲᠤ ᠵᠠᠬ᠎ᠠ ᠶᠢ ᠪᠠᠲᠤᠯᠠᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠣᠯᠣᠨ᠎ᠠ᠃      2023 ᠣᠨ ᠳᠤ᠂ ᠪᠥᠬᠦ ᠬᠤᠲᠠ ᠠᠴᠠ 6726.58 ᠲᠦᠮᠡᠨ ᠲᠥᠭᠦᠷᠢᠭ ᠭᠠᠷᠭᠠᠨ ᠵᠡᠮᠳᠡᠭᠴᠦᠳ ᠤᠨ ᠦᠢᠯᠡᠰ ᠲᠤ ᠬᠡᠷᠡᠭᠯᠡᠵᠦ᠂ 58524 ᠵᠡᠮᠳᠡᠭ ᠬᠥᠮᠥᠨ ᠬᠤᠶᠠᠷ ᠵᠦᠢᠯ ᠤᠨ ᠨᠥᠬᠦᠪᠦᠷᠢ ᠬᠦᠷᠲᠡᠪᠡ᠃ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 90%᠂ 95% ᠬᠦᠷᠪᠡ᠃ 2386 ᠭᠤᠷᠪᠠᠳᠤᠭᠠᠷ᠂ ᠳᠥᠷᠪᠡᠳᠦᠭᠡᠷ ᠳᠡᠰ ᠤᠨ ᠣᠶᠣᠨ ᠮᠡᠳᠡᠷᠡᠯ ᠤᠨ ᠵᠡᠮᠳᠡᠭᠴᠦᠳ ᠤᠨ ᠭᠡᠷ ᠲᠡᠭᠡᠨ ᠨᠠᠶᠢᠳᠠᠨ ᠠᠰᠠᠷᠠᠭᠤᠯᠬᠤ ᠨᠥᠬᠦᠪᠦᠷᠢ ᠶᠢ 600 ᠲᠥᠭᠦᠷᠢᠭ ᠪᠠᠶᠢᠭᠰᠠᠨ ᠠᠴᠠ ᠨᠡᠮᠡᠭᠳᠡᠭᠦᠯᠦᠭᠡᠳ ᠬᠥᠮᠥᠨ ᠪᠦᠷᠢ ᠵᠢᠯ ᠳᠤ 1300 ᠲᠥᠭᠦᠷᠢᠭ ᠪᠣᠯᠭᠠᠪᠠ᠃ 30 ᠠᠵᠢᠯ ᠣᠯᠬᠤ ᠨᠠᠰᠤᠨ ᠤ ᠣᠶᠤᠨ ᠤᠬᠠᠭᠠᠨ᠂ ᠣᠶᠣᠨ ᠮᠡᠳᠡᠷᠡᠯ ᠪᠠ ᠬᠦᠨᠳᠦ ᠪᠡᠶ᠎ᠡ ᠶᠢᠨ ᠵᠡᠮᠳᠡᠭ ᠬᠥᠮᠥᠨ ᠢ ᠪᠠᠶᠢᠷᠢ ᠳᠤ ᠰᠠᠭᠤᠬᠤ ᠳᠦᠷᠢᠮ ᠢᠶᠠᠷ ᠨᠠᠶᠢᠳᠠᠨ ᠲᠡᠵᠢᠭᠡᠯᠭᠡᠪᠡ᠃      ᠡᠨᠡ ᠵᠢᠯ᠂ ᠮᠠᠨ ᠤ ᠬᠤᠲᠠ ᠨᠠᠭᠠᠲᠤ ᠵᠠᠬ᠎ᠠ ᠶᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠨᠡᠮᠡᠭᠳᠡᠭᠦᠯᠦᠨ᠎ᠡ᠄ ᠨᠢᠭᠡ ᠳᠤ ᠵᠡᠮᠳᠡᠭᠴᠦᠳ ᠢ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ ᠃ ᠬᠤᠶᠠᠷ ᠲᠤ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ 3498.6 ᠲᠦᠮᠡᠨ ᠲᠥᠭᠦᠷᠢᠭ ᠭᠠᠷᠭᠠᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ ᠶᠢᠨ ᠨᠠᠰᠤ ᠶᠢ 0 —17 ᠨᠠᠰᠤ ᠬᠦᠷᠲᠡᠯ᠎ᠡ ᠥᠷᠭᠡᠳᠬᠡᠨ᠎ᠡ᠂ ᠡᠭᠦᠨ ᠳᠤ᠂ ᠮᠠᠨ ᠤ ᠬᠤᠲᠠ ᠶᠢᠨ 0-7 ᠨᠠᠰᠤᠨ ᠤ ᠵᠡᠮᠳᠡᠭ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 3 ᠲᠦᠮᠡᠨ ᠲᠥᠭᠦᠷᠢᠭ ᠬᠦᠷᠲᠡᠯ᠎ᠡ ᠳᠡᠭᠡᠭᠰᠢᠯᠡᠭᠦᠯᠦᠨ᠎ᠡ︔ 8—10 ᠨᠠᠰᠤᠲᠠᠢ ᠳᠤ ᠬᠥᠮᠥᠨ ᠪᠦᠷᠢ ᠵᠢᠯ ᠳᠤ 2 ᠲᠦᠮᠡᠨ ᠲᠥᠭᠦᠷᠢᠭ︔ 11—17 ᠨᠠᠰᠤᠲᠠᠢ ᠳᠤ ᠬᠥᠮᠥᠨ ᠪᠦᠷᠢ ᠵᠢᠯ ᠳᠤ 1 ᠲᠦᠮᠡᠨ ᠲᠥᠭᠦᠷᠢᠭ᠃ ᠭᠤᠷᠪᠠ ᠳᠤ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠪᠢᠯᠠᠯᠲᠠ ᠶᠢᠨ ᠨᠥᠬᠦᠪᠦᠷᠢ ᠭᠥᠷᠳᠡᠬᠦ ᠨᠢᠭᠡᠳᠦᠭᠡᠷ ᠬᠤᠶᠠᠳᠤᠭᠠᠷ ᠳᠡᠰ ᠤᠨ ᠵᠡᠮᠳᠡᠭᠴᠦᠳ ᠠᠴᠠ ᠭᠠᠳᠠᠨ᠎ᠠ᠂ ᠰᠤᠪᠢᠯᠠᠯᠲᠠ ᠶᠢᠨ ᠨᠥᠬᠦᠪᠦᠷᠢ ᠶᠢᠨ ᠬᠡᠪᠴᠢᠶ᠎ᠡ ᠶᠢ ᠪᠥᠬᠦ ᠦᠨᠡᠮᠯᠡᠯ ᠲᠠᠢ ᠭᠤᠷᠪᠠᠳᠤᠭᠠᠷ ᠳᠡᠰ ᠤᠨ ᠵᠡᠮᠳᠡᠭ ᠬᠥᠮᠥᠨ ᠪᠠ ᠳᠥᠷᠪᠡᠳᠦᠭᠡᠷ ᠳᠡᠰ ᠤᠨ ᠣᠶᠤᠨ ᠤ ᠪᠠ ᠣᠶᠤᠨ ᠮᠡᠳᠡᠷᠡᠯ ᠤᠨ ᠵᠡᠮᠳᠡᠭ ᠬᠥᠮᠥᠨ ᠬᠦᠷᠲᠡᠯ᠎ᠡ ᠥᠷᠭᠡᠳᠬᠡᠵᠦ᠂ 2375.1 ᠲᠦᠮᠡᠨ ᠲᠥᠭᠦᠷᠢᠭ ᠤᠨ ᠪᠡᠯᠡ ᠣᠷᠣᠭᠤᠯᠵᠤ ᠂ 18270 ᠬᠥᠮᠥᠨ ᠢ ᠪᠦᠬᠦᠨ ᠢ ᠨᠥᠬᠦᠪᠦᠷᠢ ᠶᠢᠨ ᠬᠡᠪᠴᠢᠶᠡᠨ ᠳᠤ ᠣᠷᠣᠭᠤᠯᠵᠤ᠂ ᠬᠥᠮᠥᠨ ᠪᠦᠷᠢ ᠵᠢᠯ ᠳᠤ 1300 ᠲᠥᠭᠦᠷᠢᠭ ᠤᠨ ᠨᠥᠬᠦᠪᠦᠷᠢ ᠥᠭᠭᠦᠨ᠎ᠡ᠃ ᠳᠥᠷᠪᠡ ᠳᠤ ᠵᠡᠮᠳᠡᠭ ᠣᠶᠤᠲᠠᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠤᠳᠤᠯᠬᠤ ᠰᠣᠷᠣᠭᠴᠢ ᠬᠥᠮᠥᠨ ᠪᠦᠷᠢ ᠵᠢᠯ ᠳᠤ 5000 ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ ᠬᠥᠮᠥᠨ ᠪᠦᠷᠢ ᠵᠢᠯ ᠳᠤ 3000 ᠲᠥᠭᠦᠷᠢᠭ᠂ ᠲᠤᠰᠬᠠᠢ ᠠᠩᠭᠢ ᠶᠢᠨ ᠰᠣᠷᠣᠭᠴᠢ ᠬᠥᠮᠥᠨ ᠪᠦᠷᠢ ᠵᠢᠯ ᠳᠤ 2000 ᠲᠥᠭᠦᠷᠢᠭ ᠤᠨ ᠪᠠᠷᠢᠮᠵᠢᠶ᠎ᠠ ᠪᠠᠷ ᠰᠤᠷᠭᠠᠭᠤᠯᠢ ᠲᠡᠭᠦᠰᠲᠡᠯ᠎ᠡ ᠵᠠᠯᠭᠠᠭ᠎ᠠ ᠪᠠᠷ ᠵᠣᠭᠤᠰ ᠮᠥᠩᠭᠦ ᠪᠠᠷ ᠲᠤᠰᠠᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号