ᠰᠢ ᠶᠢᠨ ᠫᠢᠩ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ᠃
     3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠰᠢ ᠶᠢᠨ ᠫᠢᠩ᠂ ᠡᠨᠡ ᠵᠢᠯ ᠤᠨ 1 ᠰᠠᠷ᠎ᠠ ᠳᠤ ᠨᠠᠦ᠋ᠷᠦ᠋ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠨ ᠰᠡᠷᠭᠦᠭᠡᠬᠦ ᠤᠯᠤᠰ ᠲᠥᠷᠥ ᠶᠢᠨ ᠰᠢᠢᠳᠪᠦᠷᠢ ᠭᠠᠷᠭᠠᠪᠠ᠂ ᠡᠨᠡ ᠪᠣᠯ ᠲᠡᠦᠬᠡ ᠶᠢᠨ ᠶᠡᠭᠡ ᠬᠠᠨᠳᠤᠰᠢ ᠳᠤ ᠨᠡᠶᠢᠴᠡᠵᠦ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ ᠠᠷᠭ᠎ᠠ ᠬᠡᠮᠵᠢᠶ᠎ᠡ ᠮᠥᠨ᠃ ᠨᠥᠬᠦᠷᠯᠡᠯ ᠢ ᠤᠷᠢᠳ ᠬᠤᠵᠢᠳ ᠭᠡᠵᠦ ᠢᠯᠭᠠᠬᠤ ᠦᠭᠡᠢ᠂ ᠡᠬᠢᠯᠡᠭᠦᠯᠳᠡᠭ ᠯᠡ ᠶᠤᠮ ᠪᠣᠯ ᠳᠠᠷᠤᠢ ᠭᠡᠭᠡᠨ ᠰᠠᠷᠠᠭᠤᠯ ᠢᠷᠡᠭᠡᠳᠦᠢ ᠲᠠᠢ ᠪᠤᠯᠬᠤ ᠶᠤᠮ᠃ ᠬᠠᠮᠲᠤᠷᠠᠯᠴᠠᠭ᠎ᠠ ᠳᠤ ᠶᠡᠭᠡ ᠪᠠᠭ᠎ᠠ ᠭᠡᠵᠦ ᠢᠯᠭᠠᠬᠤ ᠦᠭᠡᠢ᠂ ᠦᠨᠡᠨᠴᠢ ᠪᠠᠶᠢᠳᠠᠭ ᠯᠠ ᠶᠤᠮ ᠪᠣᠯ ᠡᠯᠪᠡᠭ ᠪᠠᠶᠠᠯᠢᠭ ᠦᠷ᠎ᠡ ᠪᠦᠲᠦᠭᠡᠯ ᠲᠠᠢ ᠪᠤᠯᠬᠤ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠨᠢᠭᠡᠨᠲᠡ ᠰᠢᠨ᠎ᠡ ᠲᠡᠦᠬᠡ ᠶᠢᠨ ᠬᠠᠭᠤᠳᠠᠰᠤ ᠶᠢ ᠰᠡᠬᠦᠭᠰᠡᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠬᠠᠮᠲᠤ ᠪᠠᠷ᠂ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠤᠰᠤᠳ ᠲᠤ ᠡᠷᠬᠡ ᠲᠡᠭᠰᠢ ᠪᠠᠷ ᠬᠠᠨᠳᠤᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠢᠯᠡ ᠲᠣᠳᠣ ᠵᠠᠩ ᠰᠤᠷᠲᠠᠯ ᠮᠥᠨ᠃ ᠤᠯᠤᠰ ᠣᠷᠣᠨ ᠶᠡᠭᠡ ᠪᠠᠭ᠎ᠠ᠂ ᠬᠦᠴᠦᠷᠬᠡᠭ ᠪᠠᠭᠤᠷᠠᠢ᠂ ᠶᠠᠳᠠᠭᠤ ᠪᠠᠶᠠᠨ ᠤ ᠢᠯᠭᠠᠯ ᠦᠭᠡᠢ ᠴᠥᠮ ᠳᠡᠯᠡᠬᠡᠢ ᠨᠡᠶᠢᠭᠡᠮ ᠤᠨ ᠡᠷᠬᠡ ᠲᠡᠭᠰᠢ ᠪᠦᠷᠢᠯᠳᠦᠭᠦᠨ ᠪᠤᠯᠬᠤ ᠶᠢ ᠳᠤᠮᠳᠠᠳᠤ ᠤᠯᠤᠰ ᠢᠮᠠᠭᠲᠠ ᠵᠣᠷᠢᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠪᠣᠯ ᠢᠮᠠᠭᠲᠠ ᠬᠥᠭᠵᠢᠵᠦ ᠪᠠᠶᠢᠭ᠎ᠠ ᠤᠯᠤᠰ ᠤᠨ ᠪᠦᠷᠢᠯᠳᠦᠭᠦᠨ ᠮᠥᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠲᠤᠮᠳᠠᠳᠤ ᠤᠯᠤᠰ ᠤᠨ ᠡᠨᠡ ᠬᠦ ᠪᠢᠯᠧᠲ ᠨᠢ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠤᠨ ᠬᠢ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠪᠣᠯ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠳᠡᠮᠵᠢᠬᠦ ᠬᠠᠷᠢᠴᠠᠭ᠎ᠠ ᠪᠣᠯᠣᠨ᠎ᠠ᠃ ᠳᠤᠮᠳᠠᠳᠤ ᠤᠯᠤᠰ ᠨᠠᠦ᠋ᠷᠦ᠋ ᠶᠢᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠳᠤᠷᠠᠲᠠᠶ᠎ᠠ ᠨᠠᠦ᠋ᠷᠦ᠋ ᠶᠢᠨ ᠬᠢᠨ ᠲᠠᠢ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠰᠣᠯᠢᠯᠴᠠᠭ᠎ᠠ ᠶᠠᠷᠢᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠪᠠᠲᠤᠳᠬᠠᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠦ᠋ᠷᠦ᠋ ᠶᠢᠨ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠪᠠᠰᠠ ᠨᠢᠭᠡᠨ ᠤᠯᠤᠰ ᠪᠣᠯᠤᠭᠰᠠᠨ ᠢ ᠳᠤᠮᠳᠠᠳᠤ ᠤᠯᠤᠰ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ ᠨᠠᠦ᠋ᠷᠦ᠋ ᠶᠢᠨ ᠬᠢᠨ ᠲᠠᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠬᠦ ᠶᠢᠨ ᠵᠡᠷᠭᠡ ᠪᠠᠷ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠲᠤᠰᠠᠯᠠᠮᠵᠢ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠵᠠᠯᠠᠭᠤᠴᠤᠳ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠨᠠᠦ᠋ᠷᠦ᠋ ᠶᠢᠨ ᠨᠡᠩ ᠤᠯᠠᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠡᠮᠦᠨᠡᠲᠦ ᠡᠮᠦᠨᠡᠲᠦ ᠶᠢᠨ ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠳᠣᠲᠣᠷ᠎ᠠ ᠨᠠᠦ᠋ᠷᠦ᠋ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠰᠠᠯᠠᠮᠵᠢ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯ᠎ᠠ ᠶᠢᠨ ᠬᠦᠷᠢᠶᠡᠨ ᠳᠠᠬᠢ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠰᠢᠷᠠᠬᠤ ᠪᠠ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃      ᠠᠳᠢ᠊ · ᠠᠩ᠂ ᠤᠷᠢᠯᠭ᠎ᠠ ᠪᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠳᠤᠮᠳᠠᠳᠤ ᠤᠯᠤᠰ ᠤᠨ ᠥᠨᠢ ᠤᠳᠠᠭᠠᠨ ᠲᠡᠦᠬᠡ᠂ ᠭᠡᠷᠡᠯ ᠰᠠᠴᠤᠷᠠᠩᠭᠤᠢ ᠰᠣᠶᠣᠯ ᠪᠣᠯᠣᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠭᠵᠢᠯᠲᠡ ᠶᠢ ᠣᠶᠢᠯᠠᠭᠠᠬᠤ ᠪᠣᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠲᠦᠷᠦᠭᠦᠬᠡᠨ ᠨᠠᠦ᠋ᠷᠦ᠋ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠮᠡᠳᠡᠷᠡᠬᠦ ᠪᠠ ᠪᠠᠷᠢᠮᠲᠠᠯᠠᠭᠰᠠᠨ ᠰᠠᠭᠤᠷᠢᠨ ᠳᠡᠭᠡᠷ᠎ᠡ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠬᠦ ᠪᠠᠷ ᠲᠣᠭᠲᠠᠪᠠ᠂ ᠡᠨᠡ ᠪᠣᠯ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠴᠢᠬᠤᠯᠠ ᠬᠥᠰᠢᠶ᠎ᠡ ᠲᠡᠮᠳᠡᠭ ᠪᠠᠶᠢᠵᠤ᠂ ᠨᠠᠦ᠋ᠷᠦ᠋ ᠶᠢᠨ ᠤᠯᠤᠰ ᠤᠨ ᠬᠥᠭᠵᠢᠯᠲᠡ ᠪᠣᠯᠣᠨ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃ ᠨᠠᠦ᠋ᠷᠦ᠋ ᠶᠢᠨ ᠬᠢᠨ ᠳᠤᠮᠳᠠᠳᠤ ᠤᠯᠤᠰ ᠶᠡᠭᠡ ᠪᠠᠭ᠎ᠠ ᠤᠯᠤᠰ ᠪᠦᠭᠦᠨ ᠡᠷᠬᠡ ᠲᠡᠭᠰᠢ ᠪᠠᠶᠢᠬᠤ ᠶᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠠᠦ᠋ᠷᠦ᠋ ᠳᠤᠮᠳᠠᠳᠤ ᠶᠢᠨ ᠬᠠᠷᠢᠯᠴᠠᠭ᠎ᠠ ᠪᠠᠨ ᠰᠡᠷᠭᠦᠭᠡᠬᠦ ᠪᠠᠷ ᠴᠢᠬᠤᠯᠠ ᠠᠵᠠ ᠲᠣᠭᠢᠶᠠᠯ ᠪᠤᠯᠭᠠᠵᠤ᠂ ᠳᠤᠮᠳᠠᠳᠤ ᠤᠯᠤᠰ ᠯᠤᠭ᠎ᠠ ᠬᠠᠷᠢᠯᠴᠠᠨ ᠭᠦᠨᠳᠦᠳᠭᠡᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠥᠮᠥᠰ ᠤᠨ ᠶᠠᠪᠤᠯᠴᠠᠭ᠎ᠠ ᠪᠣᠯᠣᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠡᠯᠪᠡᠭ ᠦᠷ᠎ᠡ ᠪᠦᠲᠦᠭᠡᠯ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠣᠳᠣᠬᠠᠨ ᠤ ᠳᠡᠯᠡᠬᠡᠢ ᠶᠢᠷᠲᠢᠨᠴᠦ ᠳᠤ ᠳᠡᠯᠡᠬᠡᠢ ᠶᠢᠨ ᠴᠢᠨᠠᠷᠲᠠᠢ ᠮᠠᠰᠢ ᠤᠯᠠᠨ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠠᠭᠴᠠ ᠬᠦ ᠪᠦᠯᠬᠦᠮᠳᠡᠯ ᠪᠠ ᠬᠠᠮᠲᠤᠷᠠᠯᠴᠠᠭ᠎ᠠ ᠲᠠᠢ ᠪᠠᠶᠢᠪᠠᠯ ᠰᠠᠶ᠋ᠢ ᠬᠥᠮᠥᠨ ᠲᠥᠷᠥᠯᠬᠢᠲᠡᠨ ᠤ ᠬᠠᠮᠲᠤ ᠶᠢᠨ ᠲᠠᠪᠰᠢᠯᠳᠡ ᠪᠠ ᠴᠡᠴᠡᠭᠯᠡᠯᠲᠡ ᠶᠢ ᠪᠡᠶᠡᠯᠡᠭᠦᠯᠵᠦ ᠴᠢᠳᠠᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠦ᠋ᠷᠦ᠋ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠬᠠᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠡᠢ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠨᠠᠦ᠋ᠷᠦ᠋ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ ᠶᠣᠰᠣᠯᠠᠯ ᠶᠠᠪᠤᠭᠤᠯᠵᠠᠢ᠃      ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠨᠠᠦ᠋ᠷᠦ᠋ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠠᠳᠢ᠊ · ᠠᠩ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠠᠳᠢ᠊ · ᠠᠩ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号