ᠶᠡᠭᠡ ᠤᠯᠠᠭᠠᠨᠬᠤᠲᠠ ᠰᠢᠶᠠᠩ ᠤᠨ ᠬᠢᠨ ᠬᠡᠷ ᠤᠨ ᠰᠤᠷᠲᠠᠯ ᠬᠡᠷ ᠤᠨ ᠰᠤᠷᠭᠠᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/29
     ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠭᠡᠷ ᠤᠨ ᠰᠤᠷᠲᠠᠯ ᠭᠡᠷ ᠤᠨ ᠰᠤᠷᠭᠠᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠶᠣᠰᠣ ᠰᠤᠷᠲᠠᠬᠤᠨ ᠤ ᠬᠡᠪ ᠪᠣᠯᠪᠠᠰᠤᠷᠠᠯ ᠪᠣᠯᠤᠨ ᠵᠠᠩ ᠮᠣᠷᠠᠯ ᠤᠨ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 3 ᠰᠠᠷ᠎ᠠ ᠶᠢᠨ 25 ᠤ ᠡᠳᠦᠷ᠂ ᠶᠡᠭᠡ ᠤᠯᠠᠭᠠᠨᠬᠤᠲᠠ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ︾ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 2023 ᠣᠨ ᠳᠤ ᠬᠤᠳᠠ ᠶᠢᠨ ᠲᠡᠰ ᠤᠨ ᠠᠷᠪᠠᠨ ᠤᠳᠦᠠ ᠲᠡᠰ ᠤᠨ ᠪᠣᠯᠪᠠᠰᠤᠨ ᠡᠷᠦᠭᠡ ᠲᠢᠶᠠᠨ ᠴᠢᠤᠸᠠᠨ ᠶᠢᠩ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠡᠭᠦᠳᠡᠨ ᠠᠴᠠ ᠡᠭᠦᠰᠴᠦ᠂ ᠰᠢᠯᠢᠳᠡᠭ ᠰᠠᠶᠢᠨ ᠳᠤᠮᠳᠠᠳᠤ ᠶᠢᠨ ᠤᠯᠠᠮᠵᠢᠯᠠᠯᠲᠤ ᠭᠡᠷ ᠤᠨ ᠰᠤᠷᠲᠠᠯ ᠭᠡᠷ ᠤᠨ ᠰᠤᠷᠭᠠᠯ ᠤᠨ ᠠᠭᠤᠯᠭ᠎ᠠ ᠶᠢ ᠬᠤᠪᠢᠶᠠᠯᠴᠠᠭᠰᠠᠨ ᠪᠥᠭᠡᠳ ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠷ ᠢᠶᠠᠨ ᠳᠠᠮᠵᠢᠭᠤᠯᠤᠨ᠂ ᠰᠠᠭᠤᠭᠠᠯᠢ ᠠᠷᠠᠳ ᠲᠤ ᠳᠤᠮᠳᠠᠳᠤ ᠶᠢᠨ ᠤᠯᠠᠮᠵᠢᠯᠠᠯᠲᠤ ᠭᠡᠷ ᠤᠨ ᠰᠤᠷᠲᠠᠯ ᠭᠡᠷ ᠤᠨ ᠰᠤᠷᠭᠠᠯ ᠤᠨ ᠠᠭᠤᠯᠤᠭᠳᠠᠬᠤᠨ ᠪᠠ ᠦᠨ᠎ᠡ ᠦᠷᠳᠡᠭ ᠢ ᠲᠠᠨᠢᠯᠴᠠᠭᠤᠯᠵᠤ᠂ ᠥᠷᠭᠡᠨ ᠤᠯᠠᠨ ᠲᠦᠮᠡᠨ ᠤ ᠤᠬᠠᠮᠰᠠᠷ ᠠᠴᠠ ᠪᠠᠨ ᠭᠡᠷ ᠤᠨ ᠰᠤᠷᠲᠠᠯ ᠭᠡᠷ ᠤᠨ ᠰᠤᠷᠭᠠᠯ ᠢ ᠰᠤᠷᠤᠯᠴᠠᠬᠤ ᠤᠬᠠᠮᠰᠠᠷ ᠢ ᠪᠤᠢ ᠪᠣᠯᠭᠠᠵᠤ᠂ ︽ᠲᠣᠭᠲᠠᠭᠠᠯ︾ ᠶᠣᠰᠣᠭᠠᠷ ᠠᠵᠢᠯᠯᠠᠵᠤ᠂ ︽ᠰᠤᠷᠭᠠᠯ︾ ᠢᠶᠠᠷ ᠰᠤᠷᠤᠯᠴᠠᠬᠤ ᠶᠢ ᠵᠣᠷᠢᠭᠵᠢᠭᠤᠯᠪᠠ᠃      ᠳᠠᠷᠠᠭᠠᠴᠢ ᠶᠢᠨ ᠠᠯᠬᠤᠮ ᠳᠤ᠂ ᠶᠡᠭᠡ ᠤᠯᠠᠭᠠᠨᠬᠤᠲᠠ ᠰᠢᠶᠠᠩ ᠳᠤ ᠦᠷᠭᠦᠯᠵᠢᠯᠡᠨ ᠭᠡᠷ ᠤᠨ ᠰᠤᠷᠲᠠᠯ ᠭᠡᠷ ᠤᠨ ᠰᠤᠷᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠬᠥᠳᠡᠭᠡ ᠲᠣᠰᠬᠤᠨ ᠤ ᠠᠷᠠᠳ ᠢ ᠤᠬᠠᠮᠰᠠᠷ ᠠᠴᠠ ᠪᠠᠨ ᠲᠣᠰᠬᠤᠨ ᠤ ᠲᠦᠷᠢᠮ ᠭᠡᠷ ᠤᠨ ᠰᠤᠷᠭᠠᠯ ᠤᠨ ᠠᠵᠢᠯ ᠶᠠᠪᠤᠳᠠᠯ ᠡᠷᠬᠢᠯᠡᠬᠦ ᠤᠬᠠᠮᠰᠠᠷ ᠲᠠᠢ ᠪᠣᠯᠭᠠᠵᠤ᠂ ᠬᠥᠳᠡᠭᠡ ᠲᠣᠰᠬᠤᠨ ᠤ ᠰᠣᠶᠣᠯ ᠤᠨ ᠵᠠᠰᠠᠯᠲᠠ ᠶᠢᠨ ᠰᠢᠨ᠎ᠡ ᠠᠬᠤᠢ ᠪᠠᠶᠢᠳᠠᠯ ᠢ ᠳᠡᠭᠡᠭᠰᠢᠯᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号