ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠮᠠᠨ ᠤ ᠰᠢᠶᠠᠨ ᠳᠤ ᠭᠦᠨᠵᠡᠭᠡᠶᠢᠷᠡᠨ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2024/3/29
     3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠲᠥᠯᠥᠪᠵᠢᠭᠦᠯᠭᠡ ᠶᠢᠨ ᠭᠠᠵᠠᠷ ᠤᠨ ᠳᠠᠷᠤᠭ᠎ᠠ ᠸᠠᠩ ᠵᠢᠶᠧ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠫᠤᠩ ᠪᠦᠯᠬᠦᠮ ᠳᠠᠭᠠᠭᠤᠯᠤᠨ ᠮᠠᠨ ᠤ ᠰᠢᠶᠠᠨ ᠤ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠠᠵᠤ ᠦᠶ᠋ᠯᠡᠰ ᠤᠨ ᠬᠦᠷᠢᠶᠡᠯᠡᠩ᠂ ᠪᠡᠭᠡᠵᠢᠩ ᠡᠨᠧᠷᠭᠢ ᠶᠢᠨ ᠴᠠᠬᠢᠯᠭᠠᠨ ᠤ ᠦᠶ᠋ᠯᠡᠳᠪᠦᠷᠢ ᠳᠤ ᠬᠦᠷᠴᠦ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ 2024 ᠣᠨ ᠤ ᠨᠢᠭᠡᠳᠦᠭᠡᠷ ᠤᠯᠠᠷᠢᠯ ᠤᠨ ᠴᠠᠬᠢᠯᠭᠠᠨ ᠬᠡᠷᠡᠭᠯᠡᠭᠰᠡᠨ ᠪᠠᠶᠢᠳᠠᠯ ᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠳᠤ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ ᠪᠦᠲᠦᠮᠵᠢᠲᠡᠶ ᠰᠠᠨᠠᠭᠤᠯᠭ᠎ᠠ ᠳᠤᠷᠠᠳᠪᠠ᠃ ᠳᠠᠷᠠᠭ᠎ᠠ ᠨᠢ ᠵᠢᠩ ᠨᠧᠩ ᠱᠧᠩ ᠯᠧ ᠢᠯᠴᠢ ᠶᠢᠨ ᠴᠠᠬᠢᠯᠭᠠᠨ ᠤ ᠦᠢᠯᠡᠳᠪᠦᠷᠢ ᠳᠤ ᠬᠦᠷᠴᠦ᠂ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠠᠷᠠᠯᠵᠢᠶᠠᠨ ᠤ ᠪᠠᠶᠢᠳᠠᠯ ᠢ ᠣᠶᠢᠯᠠᠭᠠᠪᠠ᠃      ᠦᠳᠡ ᠶᠢᠨ ᠬᠤᠶᠢᠨ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠢᠵᠦ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠠᠵᠤ ᠦᠢᠯᠡᠰ ᠤᠨ ᠬᠦᠷᠢᠶᠡᠯᠡᠩ᠂ ᠵᠢᠩ ᠨᠧᠩ ᠱᠧᠩ ᠯᠧ ᠢᠯᠴᠢ ᠶᠢᠨ  ᠴᠠᠬᠢᠯᠭᠠᠨ ᠤ ᠺᠣᠮᠫᠠᠨᠢ ᠶᠢᠨ ᠲᠥᠯᠥᠭᠡᠯᠡᠭᠴᠢ ᠶᠠᠷᠢᠶ᠎ᠠ ᠲᠠᠯᠪᠢᠵᠤ᠂ ᠡᠵᠡᠩᠨᠡᠯᠲᠡ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠬᠤ ᠶᠢᠨ ᠬᠠᠮᠲᠤ ᠣᠳᠣᠬᠠᠨ ᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠰᠢᠨ᠎ᠡ ᠪᠠᠶᠢᠳᠠᠯ ᠤᠨ ᠳᠣᠤᠷᠠᠬᠢ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠪᠠᠶᠢᠳᠠᠯ ᠢ ᠡᠵᠡᠮᠰᠢᠨ᠂ ᠠᠵᠤ ᠠᠬᠤᠶᠢᠯᠠᠯ ᠤᠨ ᠬᠥᠭᠵᠢᠯᠲᠡ ᠳᠤ ᠤᠯᠠᠮ ᠨᠢᠭᠡ ᠠᠯᠬᠤᠮ ᠬᠠᠮᠵᠢᠯᠴᠠᠬᠤ ᠪᠠ ᠲᠡᠳᠬᠦᠨ ᠳᠡᠮᠵᠢᠬᠦ ᠳᠤ ᠦᠨ᠎ᠡ ᠥᠷᠲᠡᠭ ᠲᠠᠢ ᠯᠠᠪᠯᠠᠯᠲᠠ ᠪᠠ ᠰᠠᠨᠠᠭᠤᠯᠭ᠎ᠠ ᠬᠠᠩᠭᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号