ᠬᠤᠷᠢᠨᠭᠡᠷ ᠰᠢᠶᠠᠨ ᠤ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 27 ᠤ ᠡᠳᠦᠷ᠂ ᠰᠢᠶᠠᠨ ᠤ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠱᠧᠨ ᠰᠢᠶᠤᠤ ᠳ᠋ᠦᠩ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠢᠯᠵᠠᠷᠠᠯ ᠢ ᠰᠡᠷᠭᠡᠶᠢᠯᠡᠬᠦ ᠰᠡᠷᠡᠮᠵᠢ ᠶᠢᠨ ᠳᠣᠬᠢᠶ᠎ᠠ ᠶᠢ ᠳᠣᠣᠭᠠᠷᠭᠠᠵᠤ᠂ ᠠᠷᠢᠭᠤᠨ ᠴᠢᠬᠡᠴᠢ ᠶᠢ ᠡᠷᠬᠢᠮᠯᠡᠬᠦ ᠰᠡᠷᠡᠮᠵᠢ ᠶᠢᠨ ᠳᠣᠬᠢᠶ᠎ᠠ ᠶᠢ ᠴᠣᠬᠢᠭᠰᠠᠨ ᠪᠠᠶᠢᠨ᠎ᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ ᠶᠢ ᠬᠠᠮᠤᠭ ᠤᠨ ᠲᠦᠷᠦᠭᠦᠨ ᠳᠤ ᠲᠠᠯᠪᠢᠵᠤ᠂ ᠬᠠᠮᠤᠭ ᠤᠨ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ︔ ᠠᠵᠢᠯ ᠤᠨ ᠰᠤᠷᠲᠠᠯ ᠢᠶᠠᠨ ᠦᠷᠭᠦᠯᠵᠢᠯᠡᠨ ᠭᠦᠨᠵᠡᠭᠡᠢ ᠬᠤᠪᠢᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ︽ᠪᠠᠭ᠎ᠠ ᠨᠣᠶᠠᠨ ᠡᠷᠬᠡ ᠪᠠᠷᠢᠬᠤ︾ ᠠᠰᠠᠭᠤᠳᠠᠯ ᠢ ᠰᠠᠶᠢᠲᠤᠷ ᠠᠩᠬᠠᠷᠤᠨ ᠰᠢᠢᠳᠪᠦᠷᠢᠯᠡᠵᠦ᠂ ᠠᠵᠢᠯ ᠬᠢᠵᠦ ᠦᠢᠯᠡᠰ ᠪᠤᠰᠬᠠᠬᠤ ᠣᠮᠤᠭ ᠵᠣᠷᠢᠭ ᠢ ᠢᠮᠠᠭᠲᠠ ᠪᠠᠷᠢᠮᠲᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ︔ ᠪᠥᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ᠂ ︽ᠢᠲᠡᠭᠡᠮᠵᠢᠲᠡᠶ︾ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠦᠨᠡᠨ ᠪᠣᠳᠠᠲᠠᠶ ᠪᠠᠷ ᠳᠥᠯᠥᠵᠦ᠂ ᠠᠵᠤ ᠠᠬᠤᠶᠢᠯᠠᠯ ᠳᠤ ᠦᠢᠯᠡᠴᠢᠯᠡᠬᠦ ᠵᠦᠢᠯᠡᠰ ᠢ ᠦᠨᠡᠨ ᠪᠣᠳᠠᠲᠠᠶ ᠪᠠᠷ ᠪᠡᠶᠡᠯᠡᠭᠦᠯᠬᠦ ᠬᠡᠷᠡᠭᠲᠡᠶ︔ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ  ᠨᠡᠭᠡᠭᠡᠯᠲᠡ  ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠳᠤᠭᠤᠶᠢᠯᠠᠩ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号