ᠬᠤᠷᠢᠨᠭᠡᠷ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ︵ᠥᠷᠭᠡᠳᠬᠡᠭᠰᠡᠨ︶ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 27 ᠤ ᠡᠳᠦᠷ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ︵ᠥᠷᠭᠡᠳᠬᠡᠭᠰᠡᠨ︶ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠳᠤ ᠲᠠᠶᠢᠯᠤᠮᠵᠢ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠵᠦ᠂ ᠳᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠵᠠᠢ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠳᠤ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ᠂ ᠠᠯᠳᠠᠰᠢ ᠭᠠᠷᠭᠠᠵᠤ ᠪᠣᠯᠬᠤ ᠦᠭᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠨᠡᠩ ᠴᠢᠬᠤᠯᠠᠴᠢᠯᠠᠵᠤ᠂ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠠᠵᠢᠯ ᠤᠨ ᠲᠠᠯ᠎ᠠ ᠪᠠᠷ ᠭᠤᠤᠯᠳᠠᠯᠭ᠎ᠠ ᠶᠢ ᠳᠣᠪᠤᠶᠢᠯᠭᠠᠨ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠠᠳᠡᠯ ᠢ ᠪᠥᠬᠦ ᠬᠦᠴᠦᠨ ᠢᠶᠠᠷ ᠢᠶᠠᠨ ᠬᠤᠷᠢᠭᠯᠠᠨ᠎ᠠ᠃ ᠵᠢᠭᠰᠠᠭᠠᠨ ᠪᠠᠶᠢᠴᠠᠭᠠᠬᠤ ᠲᠠᠯ᠎ᠠ ᠪᠠᠷ ᠨᠠᠩ ᠨᠠᠷᠢᠨ ᠨᠢᠮᠪᠠᠶ ᠪᠠᠶᠢᠵᠤ᠂ ᠭᠤᠤᠯᠳᠠᠯᠭ᠎ᠠ ᠲᠠᠢ ᠡᠭᠦᠷᠭᠡ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠨᠠᠩ ᠨᠠᠷᠢᠨ ᠬᠢᠨᠠᠮᠠᠭᠠᠶ ᠪᠠᠶᠢᠵᠤ᠂ ᠠᠰᠠᠭᠤᠳᠠᠯ ᠤᠨ ᠳᠠᠯᠳᠠ ᠬᠡᠮ ᠢ ᠭᠦᠨ ᠠᠭᠤᠳᠠᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠲᠠᠩᠰᠠ ᠶᠢ ᠬᠠᠷᠭᠤᠭᠤᠯᠵᠤ ᠳ᠋ᠤᠭᠠᠷ ᠢ ᠬᠠᠰᠤᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢᠨ ᠲᠠᠯ᠎ᠠ ᠪᠠᠷ ᠨᠡᠩ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠲᠦᠷᠢᠮ ᠪᠠ ᠮᠡᠳᠡᠭᠦᠯᠦᠨ ᠬᠦᠷᠭᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号