ᠬᠤᠷᠢᠨᠭᠡᠷ ᠰᠢᠶᠠᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ᠂ ᠬᠠᠮᠢᠶ᠎ᠠ ᠪᠥᠬᠦᠶ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠲᠠᠲᠠᠬᠤ ᠴᠢᠨᠠᠷᠲᠠᠢ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠤᠮᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠢ ᠬᠡᠯᠪᠡᠷᠢᠴᠢ ᠦᠵᠡᠯ ᠤᠨ ᠬᠦᠯᠢᠶᠡᠰᠦᠯᠡᠯ ᠠᠴᠠ ᠦᠨᠡᠨ ᠬᠦ ᠠᠩᠭᠢᠵᠢᠷᠠᠭᠤᠯᠵᠤ᠂ ᠨᠡᠩ ᠰᠠᠶᠢᠨ ᠢᠶᠠᠷ ᠠᠵᠢᠯ ᠶᠠᠪᠤᠳᠠᠯ ᠪᠦᠲᠦᠭᠡᠵᠦ᠂ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号