ᠬᠤᠷᠢᠨᠭᠡᠷ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠴᠠᠭ ᠢᠮᠠᠭᠲᠠ ︽ᠠᠮᠤᠷ ᠲᠦᠪᠰᠢᠨ ᠤ ᠬᠥᠪᠴᠢ︾ ᠶᠢ ᠴᠢᠩᠭᠠᠷᠠᠭᠤᠯᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠴᠠᠭ᠂ ᠬᠡᠯᠪᠡᠷᠢ᠂ ᠡᠲᠡᠭᠡᠳ᠂ ᠠᠭᠤᠯᠭ᠎ᠠ ᠶᠢᠨ ᠲᠠᠯ᠎ᠠ ᠪᠠᠷ ᠥᠷᠭᠡᠨ ᠢᠶᠠᠷ ᠤᠬᠠᠭᠤᠯᠵᠤ᠂ ︽ᠪᠥᠬᠦ ᠠᠷᠠᠳ ᠢᠶᠠᠷ ᠢᠶᠠᠨ ᠳᠠᠶᠢᠴᠢᠯᠠᠬᠤ᠂ ᠬᠥᠮᠦᠨ ᠪᠦᠬᠦᠨ ᠣᠷᠣᠯᠴᠠᠬᠤ︾ ᠣᠶ ᠰᠢᠭᠤᠶ ᠶᠢ ᠬᠠᠮᠠᠭᠠᠯᠠᠵᠤ ᠭᠠᠯ ᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︔ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠭᠠᠯ ᠤᠨ ᠢᠷᠡᠯᠳᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠠᠯ ᠤᠨ ᠪᠠᠶᠢᠳᠠᠯ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠵᠢᠯᠣᠭᠤᠳᠬᠤ ᠳᠠᠷᠤᠭ᠎ᠠ᠂ ᠳᠡᠳ᠋ ᠵᠢᠯᠣᠭᠤᠳᠬᠤ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号