ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | 2023 ᠣᠨ ᠳᠤ ᠭᠦᠭᠡᠬᠤᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 123 ᠵᠦᠢᠯ ᠤᠨ ᠦᠷ᠎ᠡ | ᠪᠦᠲᠦᠭᠡᠯ ᠢ ᠳᠠᠩᠰᠠᠯᠠᠭᠤᠯᠵᠠᠢ᠃ ᠡᠨᠡ ᠨᠢ᠂ 2021 ᠣᠨ ᠪᠠ 2022 ᠣᠨ ᠤ ᠬᠢ ᠠᠴᠠ ᠲᠤᠰ ᠲᠤᠰ 86. | 36% ᠪᠠ 28.13% ᠪᠠᠷ ᠨᠡᠮᠡᠭᠳᠡᠵᠦ᠂ ᠵᠢᠯ ᠳᠠᠷᠠᠭᠠᠯᠠᠨ ᠳᠡᠭᠡᠭᠰᠢᠯᠡᠵᠦ᠂ ︽ᠮᠧᠩ ᠺᠧ ᠵᠢᠦᠢ︾ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠶᠢ ᠡᠭᠦᠳᠬᠦ | ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠢᠯᠡᠷᠬᠡᠢ ᠳᠡᠭᠡᠭᠰᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ 2023 ᠣᠨ ᠳᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤᠮᠳᠠ᠂ ᠬᠡᠷᠡᠭᠯᠡᠭᠡᠨ ᠤ ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ | ᠨᠡᠶᠢᠲᠡ 120 ᠪᠠᠶᠢᠵᠤ᠂ ᠳᠠᠩᠰᠠᠯᠠᠭᠤᠯᠤᠭᠰᠠᠨ ᠦᠷ᠎ᠡ ᠪᠦᠲᠦᠭᠡᠯ ᠤᠨ ᠶᠡᠷᠦᠩᠬᠡᠢ ᠬᠡᠮᠵᠢᠶᠡᠨ ᠤ 97.56% ᠶᠢ | ᠡᠵᠡᠯᠡᠪᠡ᠃ ᠰᠠᠭᠤᠷᠢ ᠰᠤᠳᠤᠯᠭᠠᠨ ᠤ ᠲᠥᠷᠥᠯ ᠤᠨ ᠦᠷ᠎ᠡ ᠪᠦᠲᠦᠭᠡᠯ 3 ᠪᠠᠶᠢᠵᠤ᠂ ᠳᠠᠩᠰᠠᠯᠠᠭᠤᠯᠤᠭᠰᠠᠨ ᠦᠷ᠎ᠡ | ᠪᠦᠲᠦᠭᠡᠯ ᠤᠨ ᠶᠡᠷᠦᠩᠬᠡᠢ ᠬᠡᠮᠵᠢᠶᠡᠨ ᠤ 2.44% ᠶᠢ ᠡᠵᠡᠯᠡᠪᠡ᠃ ᠤᠯᠤᠰ ᠤᠨ ᠲᠥᠯᠥᠪᠯᠡᠭᠡ᠂ ᠣᠷᠣᠨ ᠨᠤᠲᠤᠭ ᠤᠨ | ᠲᠥᠯᠥᠪᠯᠡᠭᠡ᠂ ᠰᠠᠯᠠᠭ᠎ᠠ ᠮᠥᠴᠢᠷ ᠤᠨ ᠲᠥᠯᠥᠪᠯᠡᠭᠡ᠂ ᠣᠷᠣᠨ ᠨᠤᠲᠤᠭ ᠤᠨ ᠰᠠᠭᠤᠷᠢ ᠮᠥᠩᠭᠦ᠂ ᠰᠠᠯᠠᠭ᠎ᠠ ᠮᠥᠴᠢᠷ ᠤᠨ | ᠰᠠᠭᠤᠷᠢ ᠮᠥᠩᠭᠦ ᠶᠢᠨ ᠲᠥᠷᠥᠯ ᠤᠨ ᠦᠷ᠎ᠡ ᠪᠦᠲᠦᠭᠡᠯ ᠨᠡᠶᠢᠲᠡ 38 ᠵᠦᠢᠯ ᠪᠠᠶᠢᠵᠤ᠂ ᠳᠠᠩᠰᠠᠯᠠᠭᠤᠯᠤᠭᠰᠠᠨ ᠦᠷ᠎ᠡ | ᠪᠦᠲᠦᠭᠡᠯ ᠤᠨ ᠶᠡᠷᠦᠩᠬᠡᠢ ᠬᠡᠮᠵᠢᠶᠡᠨ ᠤ 30.89% ᠶᠢ ᠡᠵᠡᠯᠡᠪᠡ᠃ ᠳᠠᠩᠰᠠᠯᠠᠭᠤᠯᠤᠭᠰᠠᠨ ᠬᠡᠷᠡᠭᠯᠡᠭᠡᠨ ᠤ | ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ ᠤᠨ ᠠᠵᠢᠯ ᠲᠦᠷᠦᠯ ᠠᠴᠠ ᠨᠢ ᠦᠵᠡᠪᠡᠯ᠂ ᠦᠢᠯᠡᠳᠬᠦ ᠦᠢᠯᠡᠰ ᠤᠨ | ᠦᠷ᠎ᠡ ᠪᠦᠲᠦᠭᠡᠯ 32᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠦᠷ᠎ᠡ ᠪᠦᠲᠦᠭᠡᠯ 29 ᠪᠠᠶᠢᠵᠤ᠂ ᠳᠠᠷᠠᠭᠠᠯᠠᠪᠠᠯ᠂ ᠲᠠᠷᠢᠶᠠᠯᠠᠩ᠂ ᠣᠢ ᠰᠢᠭᠤᠢ᠂ ᠮᠠᠯ | ᠠᠵᠤ ᠠᠬᠤᠢ᠂ ᠵᠢᠭᠠᠰᠤᠨ ᠠᠵᠤ ᠠᠬᠤᠢ ᠶᠢᠨ ᠦᠷ᠎ᠡ ᠪᠦᠲᠦᠭᠡᠯ 14 ᠪᠠᠶᠢᠨ᠎ᠠ᠃ ᠬᠡᠷᠡᠭᠯᠡᠭᠡᠨ ᠤ ᠮᠡᠷᠭᠡᠵᠢᠯ ᠤᠨ 120 | ᠵᠦᠢᠯ ᠤᠨ ᠦᠷ᠎ᠡ ᠪᠦᠲᠦᠭᠡᠯ ᠳᠣᠲᠣᠷ᠎ᠠ᠂ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭᠠᠨ ᠤ ᠦᠷ᠎ᠡ ᠪᠦᠲᠦᠭᠡᠯ | 67 ᠵᠦᠢᠯ ᠪᠤᠢ᠂ ᠡᠭᠦᠨ ᠠᠴᠠ ᠭᠠᠳᠠᠨ᠎ᠠ᠂ ᠡᠯᠧᠺᠲᠷᠣᠨ ᠮᠡᠳᠡᠭᠡ ᠵᠠᠩᠭᠢ ᠶᠢᠨ ᠬᠦᠷᠢᠶ᠎ᠡ ᠴᠠᠷᠠᠭᠠᠨ ᠤ 28 ᠵᠦᠢᠯ ᠤᠨ | ᠦᠷ᠎ᠡ ᠪᠦᠲᠦᠭᠡᠯ᠂ ᠠᠮᠢᠳᠤ ᠪᠣᠳᠠᠰ ᠤᠨ ᠡᠮ ᠡᠮᠨᠡᠯᠭᠡ ᠬᠢᠭᠡᠳ ᠡᠮᠴᠢᠯᠡᠭᠡᠨ ᠤ ᠪᠠᠭᠠᠵᠢ ᠬᠡᠷᠡᠭᠰᠡᠯ ᠤᠨ ᠬᠦᠷᠢᠶ᠎ᠡ | ᠴᠠᠷᠠᠭᠠᠨ ᠳᠠᠬᠢ 10 ᠵᠦᠢᠯ ᠤᠨ ᠦᠷ᠎ᠡ ᠪᠦᠲᠦᠭᠡᠯ᠂ ᠲᠡᠷᠢᠭᠦᠨ ᠤ ᠦᠢᠯᠡᠳᠬᠦ ᠦᠢᠯᠡᠰ ᠤᠨ ᠬᠦᠷᠢᠶ᠎ᠡ ᠴᠠᠷᠠᠭᠠᠨ ᠤ 7 | ᠵᠦᠢᠯ ᠤᠨ ᠦᠷ᠎ᠡ ᠪᠦᠲᠦᠭᠡᠯ ᠢ ᠪᠠᠭᠲᠠᠭᠠᠭᠰᠠᠨ ᠪᠠᠶᠢᠨ᠎ᠠ᠃ |