ᠬᠦᠬᠡᠬᠤᠳᠠ ᠪᠦᠬᠦ ᠣᠷᠣᠨ ᠤ ︽ᠶᠡᠭᠡ ᠪᠠᠷ ᠠᠷᠠᠯᠵᠢᠶᠠᠴᠢᠨ ᠤᠷᠢᠵᠤ ᠶᠡᠭᠡ ᠪᠠᠷ ᠬᠥᠭᠵᠢᠭᠦᠯᠬᠦ︾ ᠳᠤ ᠣᠷᠣᠨ ᠤ ᠲᠥᠪ ‍ᠤᠨ‌‍ᠬᠦ᠋ᠴᠦᠨ ᠢ ᠨᠡᠮᠡᠷᠢᠯᠡᠪᠡ
ᠨᠡᠶᠢᠲᠡᠯᠡᠭᠰᠡᠨ ᠴᠠᠭ᠄
2024/3/4
     ᠬᠦᠬᠡᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ ᠬᠦᠬᠡᠬᠤᠳᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭ᠎ᠠ ᠠᠳᠬᠤᠬᠤ ᠶᠢ ᠪᠦᠬᠦ ᠬᠤᠳᠠ ᠶᠢᠨ ᠭᠤᠣᠯᠳᠠᠯᠭ᠎ᠠ ᠶᠢᠨ ᠭᠤᠣᠯᠳᠠᠯᠭ᠎ᠠ ᠠᠵᠢᠯ ᠪᠤᠯᠭᠠᠬᠤ ᠶᠢ ᠪᠠᠷᠢᠮᠲᠠᠯᠠᠨ᠂ ᠳᠠᠪᠠᠭᠤᠯᠢᠭ ᠡᠬᠢ ᠪᠠᠶᠠᠯᠢᠭ ᠢᠶᠠᠨ ᠨᠡᠶᠢᠳᠬᠡᠵᠦ ᠂ ᠦᠨᠡᠨᠴᠢ ᠰᠡᠳᠬᠢᠯ ᠢᠶᠠᠷ ᠬᠥᠮᠥᠨ ᠤ ᠬᠦᠴᠦᠨ ᠢ ᠨᠢᠭᠲᠠᠷᠠᠭᠤᠯᠵᠤ ᠠᠷᠠᠯᠵᠢᠶᠠᠴᠢᠨ ᠤᠷᠢᠭᠰᠠᠨ ᠢᠶᠠᠷ ︽ᠳᠤᠮᠳᠠᠳᠤ ᠤᠯᠤᠰ ᠤᠨ ᠪᠡᠯᠡ ᠤᠷᠤᠭᠤᠯᠤᠯᠳᠠ ᠶᠢᠨ ᠬᠠᠯᠠᠮᠰᠢᠯ ᠬᠤᠳᠠ︾ ᠪᠠᠷ ᠴᠣᠯᠠᠯᠠᠭᠳᠠᠵᠤ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠠᠶᠢᠵᠢᠷᠠᠯᠲᠠ ᠪᠠᠷ ᠬᠠᠮᠤᠭ ᠤᠨ ᠢᠯᠡ ᠲᠣᠳᠣ ᠲᠥᠪ ᠬᠤᠳᠠ ᠪᠣᠯᠵᠤ᠂ ᠪᠦᠬᠦ ᠣᠷᠣᠨ ᠤ ︽ᠶᠡᠭᠡ ᠪᠠᠷ ᠠᠷᠠᠯᠵᠢᠶᠠᠴᠢᠨ ᠤᠷᠢᠵᠤ ᠶᠡᠭᠡ ᠪᠠᠷ ᠬᠥᠭᠵᠢᠭᠦᠯᠬᠦ︾ ᠳᠤ ᠣᠷᠣᠨ ᠤ ᠲᠥᠪ  ᠤᠨ ᠬᠦᠴᠦᠨ ᠢ ᠨᠡᠮᠡᠷᠢᠯᠡᠪᠡ᠃      ᠣᠶᠢᠯᠠᠭᠠᠭᠰᠠᠨ ᠢᠶᠠᠷ᠂ 2023 ᠣᠨ ᠳᠤ ᠬᠦᠬᠡᠬᠤᠳᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ 430 ᠲᠦᠷᠦᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠨᠡᠶᠢᠳᠡ 8546 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠵᠥᠪᠯᠡᠯᠴᠡᠭᠡᠷ ᠲᠣᠬᠢᠷᠠᠯᠴᠠᠨ᠂ ᠨᠢᠭᠡᠨᠲᠡ ᠪᠠᠷᠢᠯᠭ᠎ᠠ ᠡᠬᠢᠯᠡᠭᠰᠡᠨ ᠲᠦᠷᠦᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ 46.6% ᠳᠤ ᠬᠦᠷᠴᠦ᠂ 650 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ ᠪᠡᠶᠡᠯᠡᠭᠦᠯᠵᠡᠢ᠃ ᠡᠭᠦᠨ ᠳᠤ ᠣᠷᠣᠨ ᠤ ᠭᠠᠳᠠᠨᠠᠬᠢ ᠪᠡᠯᠡ ᠮᠥᠩᠭᠦ 561 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 2022 ᠣᠨ ᠤ ᠬᠢ ᠠᠴᠠ 34% ᠪᠠᠷ ᠨᠡᠮᠡᠭᠳᠡᠨ᠂ ᠠᠷᠠᠯᠵᠢᠶᠠᠴᠢᠨ ᠤᠷᠢᠬᠤ ᠦᠷ᠎ᠡ ᠪᠦᠲᠦᠮᠵᠢ ᠰᠢᠨ᠎ᠡ ᠳᠡᠭᠲᠡᠷ ᠲᠤ ᠭᠠᠷᠪᠠ᠃ ᠰᠢᠨ᠎ᠡ ᠪᠠᠷ ᠣᠷᠣᠭᠤᠯᠤᠨ ᠠᠪᠴᠢᠷᠠᠭᠰᠠᠨ 700 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ 3 ᠲᠦᠷᠦᠯ ᠵᠦᠢᠯ ᠴᠥᠮ ᠪᠠᠷᠢᠯᠭ᠎ᠠ ᠡᠬᠢᠯᠡᠵᠦ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ 15 ᠲᠦᠷᠦᠯ ᠵᠦᠢᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ 110 ᠲᠦᠷᠦᠯ ᠵᠦᠢᠯ ᠢ ᠣᠷᠣᠭᠤᠯᠤᠨ ᠠᠪᠴᠢᠷᠠᠵᠠᠢ᠃ ᠡᠭᠦᠨ ᠳᠤ ᠶᠡᠷᠦᠩᠬᠡᠢ ᠪᠡᠯᠡ ᠤᠷᠤᠭᠤᠯᠤᠯᠳᠠ ᠨᠢ 730 ᠳ᠋ᠦᠩᠰᠢᠭᠤᠷ ᠲᠥᠭᠦᠷᠢᠭ ᠲᠤ ᠬᠦᠷᠬᠦ ᠠᠲᠧᠰ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠲᠦᠷᠦᠯ ᠵᠦᠢᠯ᠂ ᠶᠡᠷᠦᠩᠬᠡᠢ ᠪᠡᠯᠡ ᠤᠷᠤᠭᠤᠯᠤᠯᠳᠠ ᠨᠢ 740 ᠳ᠋ᠦᠩᠰᠢᠭᠤᠷ ᠲᠥᠭᠦᠷᠢᠭ ᠲᠤ ᠬᠦᠷᠬᠦ ᠬᠤᠸᠠ ᠸᠧᠢ ᠡᠭᠦᠯᠡ ᠶᠢᠨ ᠬᠤᠷᠢᠨᠭᠡᠷ ᠲᠠᠬᠢ ᠳ᠋ᠠᠶᠢᠲ᠋ᠠ ᠶᠢᠨ ᠲᠥᠪ ᠤᠨ ᠲᠦᠷᠦᠯ ᠵᠦᠢᠯ᠂ ᠶᠡᠷᠦᠩᠬᠡᠢ ᠪᠡᠯᠡ ᠤᠷᠤᠭᠤᠯᠤᠯᠳᠠ ᠨᠢ 1000 ᠳ᠋ᠦᠩᠰᠢᠭᠤᠷ ᠲᠥᠭᠦᠷᠢᠭ ᠲᠤ ᠬᠦᠷᠬᠦ ᠰᠠᠢ ᠱᠧᠩ ᠴᠠᠬᠢᠭᠤᠷ ᠤᠨ ᠠᠵᠤ ᠦᠢᠯᠡᠰ ᠤᠨ ᠬᠡᠯᠬᠢᠶᠡᠨ ᠤ ᠲᠦᠷᠦᠯ ᠵᠦᠢᠯ ᠵᠡᠷᠭᠡ ᠨᠢ ᠬᠦᠬᠡᠬᠤᠳᠠ ᠶᠢᠨ ᠢᠷᠡᠭᠡᠳᠦᠢ ᠶᠢᠨ ᠬᠥᠭᠵᠢᠯᠲᠡ ᠳᠤ ᠳᠡᠰ ᠳᠠᠪᠰᠢᠵᠤ ᠣᠷᠣ ᠳᠡᠪᠰᠢᠬᠦ ᠶᠢᠨ ᠬᠠᠮᠤᠭ ᠤᠨ ᠶᠡᠭᠡ ᠢᠲᠡᠭᠡᠯ ᠬᠦᠴᠦᠨ ᠪᠣᠯᠵᠤ ᠪᠤᠢ᠃ ᠡᠨᠡ ᠵᠢᠯ ᠬᠦᠬᠡᠬᠤᠳᠠ 1100 ᠭᠠᠷᠤᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 1500 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号