ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2024/3/4
     ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠲᠣᠰ ᠡᠳᠦᠷ ᠲᠤ ᠫᠠᠶᠢᠰᠠ ᠪᠠᠨ ᠰᠡᠬᠦᠪᠡ    
     ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ᠂ ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠪᠠᠶᠢᠭᠤᠯᠤᠭᠳᠠᠪᠠ᠂ ᠡᠨᠡ ᠪᠣᠯ ᠮᠠᠨ ᠤ ᠬᠤᠳᠠ ᠶᠢᠨ ᠡᠷᠬᠢᠯᠡᠭᠰᠡᠨ ᠪᠦᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠤᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃      ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ ᠪᠠ ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠢ ᠪᠠᠶᠢᠭᠤᠯᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠤᠰᠠᠯᠠᠬᠤ ᠪᠠᠭᠠᠵᠢ ᠶᠢᠨ ᠲᠣᠬᠢᠷᠠᠭᠤᠯᠤᠯᠲᠠ ᠶᠢᠨ ᠣᠨᠣᠪᠴᠢᠲᠠᠢ᠂ ᠨᠠᠷᠢᠯᠢᠭᠵᠢᠭᠤᠯᠬᠤ ᠴᠢᠳᠠᠪᠤᠷᠢ ᠶᠢ ᠴᠢᠩᠭᠠᠷᠠᠭᠤᠯᠵᠤ᠂ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ ᠥᠭᠡᠷᠡᠴᠢᠯᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠯᠢᠭ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃      ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠡᠮᠨᠡᠯᠭᠡ ᠶᠢᠨ ᠠᠵᠢᠯᠲᠠᠳ ᠲᠤᠬᠠᠢ ᠶᠢᠨ ᠲᠠᠯᠠᠪᠠᠢ ᠳᠤ ᠰᠣᠨᠣᠷ ᠵᠡᠮᠳᠡᠭ ᠬᠥᠮᠥᠰ ᠲᠤ ᠰᠣᠨᠣᠷ ᠲᠤᠳᠤᠤᠡᠬᠠᠭᠤᠷ ᠲᠣᠬᠢᠷᠠᠭᠤᠯᠵᠤ ᠥᠭᠴᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号