ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/6
     ᠨᠢᠭᠡ᠂ ᠭᠤᠤᠯ ᠪᠣᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠠ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ ᠰᠤᠪᠢᠯᠠᠬᠤ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃      ︵ᠵᠢᠷᠭᠤᠭ᠎ᠠ︶ ᠬᠤᠲᠠ ᠶᠢᠨ ᠲᠣᠭᠲᠠᠭᠠᠭᠰᠠᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠤᠯᠤᠭ᠎ᠠ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠣᠯᠤᠨ ᠵᠣᠭᠤᠰ ᠥᠭᠬᠦ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ︔ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃      ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃      ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠪᠥᠭᠡᠳ ᠡᠵᠡᠮᠳᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠤᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠡᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ᠄      ︵ᠨᠢᠭᠡ︶ ᠠᠯᠪᠠᠨ ᠬᠡᠷ᠃      ︵ᠬᠤᠶᠠᠷ︶ ᠲᠤᠬᠠᠶᠢᠯᠠᠭᠰᠠᠨ ᠠᠵᠢᠯ ᠤᠨ ᠲᠠᠰᠤᠭ᠃      ᠬᠠᠷᠢᠶ᠎ᠠ ᠨᠢᠭᠡᠴᠢ ᠳᠤ᠄ ᠬᠤᠷᠢᠨᠭᠡᠷ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠪᠠᠭᠲᠠᠨ᠎ᠠ᠃      ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠬᠤᠷᠢᠨᠭᠡᠷ ᠰᠢᠶᠠᠨ ᠤ ᠬᠤ᠋ ᠴᠢᠩ ᠵᠠᠮ ᠤᠨ ᠪᠠᠷᠠᠭᠤᠨ ᠬᠡᠰᠡᠭ      ᠬᠠᠷᠢᠯᠴᠠᠬᠤ ᠤᠲᠠᠰᠤ᠄ 0471-7198512      ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 — 12᠄ 00 ᠦᠳᠡ ᠶᠢᠨ ᠬᠤᠶᠢᠨᠠᠬᠢ 14᠄ 30 — 17᠄ 30      ᠰᠢᠦᠳᠠᠨ ᠬᠠᠶᠢᠷᠴᠠᠭ᠄ hlxybj@126.com      ᠬᠠᠷᠢᠭᠤᠴᠠᠯᠭᠠᠲᠠᠨ᠄ ᠵᠤᠤ ᠮᠢᠩ ᠱᠧᠩ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号