ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠦᠬᠦ ᠰᠢᠶᠠᠨ ᠤ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ | ᠠᠬᠤᠶ ᠶᠢᠨ ᠲᠦᠷᠦ ᠶᠢᠨ ᠪᠤᠳᠤᠯᠭ᠎ᠠ ᠶᠢ ᠰᠤᠳᠤᠯᠬᠤ ᠳᠤ ᠣᠷᠣᠯᠴᠠᠨ᠎ᠠ︔ ᠡᠳ᠋ ᠤᠨ ᠵᠠᠰᠠᠭ ᠭᠠᠶᠢᠯᠢ ᠶᠢᠨ | ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠤᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ | ᠬᠦᠴᠦᠨ ᠢ ᠪᠦᠬᠦ ᠲᠠᠯ᠎ᠠ ᠪᠠᠷ ᠲᠡᠩᠴᠡᠭᠦᠯᠬᠦ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠬᠤᠪᠢᠶᠠᠷᠢᠯᠠᠯᠲᠠ ᠶᠢᠨ | ᠠᠷᠭ᠎ᠠ ᠶᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ | ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠪᠦᠬᠦ ᠰᠢᠶᠠᠨ ᠤ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠪᠦᠬᠦ ᠰᠢᠶᠠᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠦᠬᠤ | ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠪᠢᠴᠢᠬᠦ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵ᠭᠤᠷᠪᠠ︶ ᠰᠢᠶᠠᠨ ᠤ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠣᠯᠲᠠ ᠶᠢ ᠬᠠᠷᠢᠭᠤᠴᠠᠨ ᠬᠠᠮᠢᠶᠠᠷᠤᠨ᠎ᠠ︔ ᠣᠨ ᠤ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ | ᠰᠢᠶᠠᠨ ᠵᠢᠴᠢ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ | ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠨ᠎ᠠ︔ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠡ︶ | ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠤᠬᠤᠯᠠᠪᠤᠷᠢᠯᠠᠬᠤ ᠶᠢ | ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ | ᠭᠦᠢᠴᠡᠳᠬᠡᠭᠰᠡᠨ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ ᠠᠴᠠ ᠪᠡᠯᠡ ᠭᠠᠷᠭᠠᠭᠰᠠᠨ ᠡᠳ᠋ ᠬᠥᠷᠥᠩᠭᠡ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ | ᠢᠯᠡ ᠪᠣᠯᠭᠠᠬᠤ ᠶᠢ ᠬᠠᠷᠢᠭᠤᠴᠠᠨ᠎ᠠ᠃ ᠳᠡᠭᠡᠳᠦ ᠳᠣᠣᠷᠠᠳᠤ ᠱᠠᠲᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ | ᠳ᠋ᠦᠩᠨᠡᠨ ᠪᠣᠳᠣᠬᠤ ᠶᠠᠪᠤᠳᠠᠯ ᠢ ᠬᠠᠷᠢᠭᠤᠴᠠᠨ ᠭᠦᠢᠴᠡᠳᠬᠡᠬᠦ ᠬᠡᠷᠡᠭᠲᠡᠶ᠃ | ︵ᠳᠥᠷᠪᠡ︶ ᠰᠢᠶᠠᠨ ᠤ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ | ᠳᠣᠲᠣᠷᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠳᠤ ᠲᠣᠬᠢᠷᠠᠭᠤᠯᠤᠯᠲᠠ | ᠬᠢᠬᠦ ᠲᠥᠰᠦᠯ ᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠲᠠᠪᠤ︶ ᠠᠵᠢᠯ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠵᠠᠰᠠᠭ ᠤᠨ ᠣᠷᠳᠣᠨ ᠤ ᠭᠠᠶᠢᠯᠢ ᠶᠢᠨ ᠪᠤᠰᠤ | ᠣᠷᠣᠯᠭ᠎ᠠ ᠶᠢᠨ ᠶᠣᠰᠣᠭᠠᠷ ᠬᠠᠮᠢᠶᠠᠷᠬᠤ ᠬᠡᠷᠡᠭᠲᠡᠶ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ | ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ | ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠪᠦᠬᠦ ᠰᠢᠶᠠᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ | ᠳᠦᠷᠢᠮ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠵᠤ ᠥᠭᠬᠦ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ | ᠵᠢᠯᠣᠭᠤᠳᠬᠤ ᠪᠠ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ | ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ | ᠬᠠᠮᠢᠶᠠᠷᠤᠯᠲᠠ ᠶᠢᠨ ᠲᠤᠬᠠᠶ ᠤᠯᠤᠰ ᠤᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ | ᠳᠦᠷᠢᠮ ᠪᠣᠯᠤᠨ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ | ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠶᠢ ᠬᠢᠵᠠᠭᠠᠷᠯᠠᠨ ᠬᠠᠮᠢᠶᠠᠷᠬᠤ ᠶᠢ | ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ | ᠬᠠᠮᠢᠶᠠᠷᠬᠤ ᠶᠢ ᠬᠠᠷᠢᠭᠤᠴᠠᠨ᠎ᠠ᠃ | ︵ᠨᠠᠢᠮᠠ︶ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠤ ᠡᠷᠬᠡ | ᠣᠯᠭᠤᠯᠲᠠ ᠶᠢ ᠦᠨᠳᠦᠰᠦᠯᠡᠨ᠂ ᠰᠢᠶᠠᠨ ᠤ ᠲᠤᠰ ᠱᠠᠲᠤᠨ ᠤ ᠤᠯᠤᠰ ᠤᠨ ᠦᠮᠴᠢᠯᠡᠯ ᠤᠨ ᠮᠥᠩᠭᠦᠨ ᠭᠦᠢᠯᠭᠡᠭᠡᠨ ᠤ | ᠬᠦᠷᠦᠩᠭᠡ ᠶᠢᠨ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠲᠦᠪᠯᠡᠷᠡᠭᠦᠯᠦᠨ ᠨᠢᠭᠡᠳᠦᠯᠲᠡᠶ ᠭᠦᠢᠴᠡᠳᠬᠡᠵᠦ | ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠮᠡᠳᠡᠭᠦᠯᠦᠯᠲᠡ ᠶᠢᠨ ᠲᠦᠷᠢᠮ ᠢ | ᠪᠠᠶᠢᠭᠤᠯᠤᠨ᠎ᠠ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠦᠬᠦᠢ | ᠠᠷᠭ᠎ᠠ ᠶᠢ ᠲᠣᠭᠲᠠᠭᠠᠵᠤ᠂ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ | ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ | ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ | ᠨᠢᠭᠡᠴᠡ ᠶᠢᠨ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠣᠨ᠎ᠠ᠃ | ︵ᠶᠢᠰᠦ︶ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠳᠡᠭᠡᠳᠦ | ᠱᠠᠲᠤᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠷᠢᠮ ᠢ | ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ︔ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠦᠷᠦᠩᠭᠡ ᠶᠢᠨ | ᠳᠡᠭᠡᠭᠰᠢ ᠲᠤᠰᠢᠶᠠᠭᠰᠠᠨ ᠠᠰᠢᠭ ᠣᠷᠣᠯᠭ᠎ᠠ ᠶᠢ ᠵᠣᠬᠢᠶᠠᠨ ᠪᠠᠶᠢᠭᠤᠯᠵᠤ ᠬᠢᠨᠠᠨ ᠬᠠᠮᠢᠶᠠᠷᠬᠤ ᠶᠢ ᠬᠠᠷᠢᠭᠤᠴᠠᠵᠤ᠂ | ᠰᠢᠶᠠᠨ ᠤ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ | ᠠᠷᠭ᠎ᠠ ᠶᠢ ᠲᠣᠭᠲᠠᠭᠠᠬᠤ ᠳᠤ ᠣᠷᠣᠯᠴᠠᠵᠤ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠬᠦᠷᠦᠩᠭᠡ ᠶᠢᠨ | ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ | ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ | ᠲᠥᠰᠦᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠡᠯᠡ ᠭᠠᠷᠭᠠᠭᠰᠠᠨ ᠠᠵᠤ | ᠠᠬᠤᠶᠢᠯᠠᠯ ᠤᠨ ᠤᠯᠤᠰ ᠤᠨ ᠦᠮᠴᠢᠯᠡᠯᠲᠦ ᠵᠢᠴᠢ ᠤᠯᠤᠰ ᠤᠨ ᠦᠮᠴᠢᠯᠡᠯᠲᠦ ᠬᠤᠪᠢ ᠡᠵᠡᠮᠳᠡᠭᠰᠡᠨ᠂ ᠬᠤᠪᠢ | ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠠᠷᠭ᠎ᠠ ᠶᠢ | ᠬᠤᠪᠢᠷᠠᠭᠤᠯᠤᠨ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ᠂ | ᠬᠤᠯᠪᠣᠭᠳᠠᠯ ᠪᠦᠬᠦᠢ ᠳᠦᠷᠢᠮ ᠢ ᠲᠣᠭᠲᠠᠭᠠᠨ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠ︶ ᠪᠦᠬᠦ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ | ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ | ᠲᠣᠭᠲᠠᠭᠠᠨ᠎ᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠪᠦᠬᠦ ᠰᠢᠶᠠᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠵᠠᠰᠠᠭ ᠤᠨ ᠣᠷᠳᠣᠨ ᠤ ᠴᠢᠨᠠᠷᠲᠠᠶ | ᠪᠡᠯᠡ ᠣᠷᠣᠭᠤᠯᠣᠯᠲᠠ ᠶᠢᠨ ᠦᠢᠯᠡᠰ ᠤᠨ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠠᠪᠤᠳᠠᠯ ᠢ ᠬᠠᠷᠢᠭᠤᠴᠠᠨ | ᠰᠢᠢᠳᠪᠦᠷᠢᠯᠡᠬᠦ ᠪᠠ ᠲᠡᠭᠦᠨ ᠳᠤ ᠬᠢᠨᠠᠯᠲᠠ ᠲᠠᠯᠪᠢᠵᠤ᠂ ᠪᠦᠬᠦ ᠰᠢᠶᠠᠨ ᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ | ᠪᠡᠯᠡ ᠣᠷᠣᠭᠤᠯᠣᠯᠲᠠ ᠶᠢᠨ ᠬᠤᠯᠪᠣᠭᠳᠠᠯ ᠪᠦᠬᠦᠢ ᠲᠥᠰᠦᠯ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ︔ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ | ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ | ᠨᠥᠭᠡᠴᠡᠯᠡᠯ ᠤᠨ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠰᠢᠶᠠᠨ ᠤ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ | ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠵᠤ ᠵᠢᠷᠤᠮᠵᠢᠭᠤᠯᠤᠨ᠎ᠠ᠃ | ︵ᠠᠷᠪᠠᠨ ᠭᠤᠷᠪᠠ︶ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠡᠳ᠋ ᠤᠨ ᠵᠠᠰᠠᠭ | ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠬᠢᠵᠠᠭᠠᠷᠯᠠᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ | ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠪᠠ᠃ | ︵ᠠᠷᠪᠠᠨ ᠲᠦᠷᠪᠡ︶ ᠮᠥᠩᠭᠦᠨ ᠭᠦᠢᠯᠭᠡᠭᠡᠨ ᠤ ᠲᠤᠬᠠᠶ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠲᠦᠷᠦ ᠶᠢᠨ ᠪᠤᠳᠦᠯᠭ᠎ᠠ ᠶᠢ ᠲᠣᠭᠤᠰᠢᠯᠠᠭᠤᠯᠣᠨ | ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠠ ᠲᠣᠬᠢᠷᠠᠭᠤᠯᠬᠤ ᠪᠠᠶᠢᠭᠤᠯᠤᠮᠵᠢ ᠶᠢᠨ | ᠬᠥᠭᠵᠢᠯᠲᠡ ᠶᠢ ᠳᠡᠮᠵᠢᠬᠦ ᠠᠷᠭ᠎ᠠ ᠪᠠ ᠠᠷᠭ᠎ᠠ ᠬᠡᠮᠵᠢᠶ᠎ᠡ︔ ᠪᠦᠬᠦ ᠰᠢᠶᠠᠨ ᠤ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠳᠡᠭᠡᠳᠦ ᠱᠠᠲᠤᠨ ᠤ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠰᠢᠶᠠᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠦᠢᠯᠡᠰ ᠤᠨ ᠵᠠᠭᠤᠴᠢ ᠪᠠᠶᠢᠭᠤᠯᠣᠮᠵᠢ ᠶᠢ ᠬᠢᠨᠠᠵᠤ | ᠬᠠᠮᠢᠶᠠᠷᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠶᠢ ᠬᠠᠷᠢᠭᠤᠴᠠᠨ᠎ᠠ᠃ | ᠡᠯ᠎ᠡ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ | ᠲᠠᠪᠴᠠᠩ ᠵᠢᠴᠢ ᠲᠡᠭᠦᠨ ᠤ ᠲᠥᠷᠥᠯ ᠵᠦᠢᠯ ᠤᠨ ᠪᠡᠯᠡ ᠲᠣᠬᠢᠷᠠᠭᠤᠯᠬᠤ ᠲᠥᠰᠦᠯ ᠢ ᠨᠠᠶᠢᠳᠠᠪᠤᠷᠢᠵᠢᠭᠤᠯᠬᠤ ᠶᠢ | ᠬᠠᠷᠢᠭᠤᠴᠠᠨ ᠵᠣᠬᠢᠴᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ | ᠦᠨᠡᠯᠡᠬᠦ᠂ ᠵᠣᠭᠤᠰ ᠪᠤᠴᠠᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠶᠢᠨ ᠬᠠᠮᠢᠶᠠᠷᠤᠯᠲᠠ ᠪᠠ | ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ | ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠢ ᠵᠣᠬᠢᠴᠠᠭᠤᠯᠤᠨ᠂ ᠵᠣᠬᠢᠶᠠᠨ ᠪᠠᠶᠢᠭᠤᠯᠵᠤ᠂ ᠬᠠᠮᠵᠢᠯᠴᠠᠨ ᠥᠷᠨᠢᠭᠦᠯᠬᠦ ᠬᠡᠷᠡᠭᠲᠡᠶ᠃ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠣᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠬᠠᠷᠢᠭᠤᠴᠠᠨ᠎ᠠ︔ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠰᠢᠰᠲ᠋ᠧᠮ ᠢ ᠨᠢᠭᠡᠳᠦᠯᠲᠡᠶ ᠲᠥᠯᠥᠪᠯᠡᠨ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠠᠷᠪᠠᠨ ᠲᠠᠪᠤ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | |