ᠬᠤᠷᠢᠨᠭᠡᠷ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠪᠣᠯ᠄ ᠪᠥᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ | ᠠᠵᠢᠯᠯᠠᠭᠠᠨ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠨ ᠤ | ᠶᠠᠪᠤᠳᠠᠯ ᠤᠨ ᠠᠵᠢᠯ ᠵᠢᠴᠢ ᠠᠵᠤ ᠦᠢᠯᠡᠳᠪᠦᠷᠢ ᠶᠢᠨ ᠮᠡᠳᠡᠭᠡ ᠵᠠᠩᠭᠢᠴᠢᠯᠠᠯᠲᠠ ᠶᠢᠨ ᠠᠵᠢᠯ ᠢ ᠬᠢᠨᠠᠨ ᠡᠵᠡᠮᠳᠡᠬᠦ | ᠶᠠᠪᠤᠳᠠᠯ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠤᠨ ᠠᠵᠢᠯ᠂ ᠵᠣᠬᠢᠶᠠᠨ | ᠪᠠᠶᠢᠭᠤᠯᠣᠯᠲᠠ ᠠᠵᠢᠯᠲᠠᠨ ᠤ ᠶᠠᠪᠤᠳᠠᠯ᠂ ᠤᠯᠤᠰ ᠲᠦᠷᠥ ᠶᠢᠨ ᠠᠵᠢᠯ᠂ ᠨᠢᠭᠤᠴᠠ ᠶᠢ ᠬᠠᠮᠠᠭᠠᠯᠠᠬᠤ᠂ ᠳᠠᠩᠰᠠ | ᠡᠪᠬᠡᠮᠡᠯ ᠬᠠᠮᠢᠶᠠᠷᠬᠤ᠂ ᠡᠳ᠋ ᠬᠥᠷᠥᠩᠭᠡ ᠶᠢᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ | ᠠᠵᠢᠯ ᠠᠴᠠ ᠪᠠᠨ ᠪᠠᠭᠤᠭᠰᠠᠳ᠂ ᠬᠤᠷᠠᠯ ᠬᠤᠷᠠᠯᠳᠣᠭᠠᠨ ᠡᠷᠬᠢᠯᠡᠬᠦ᠂ ᠰᠣᠨᠢᠨ ᠮᠡᠳᠡᠭᠡ ᠨᠡᠶᠢᠲᠡᠯᠡᠬᠦ ᠵᠡᠷᠭᠡ ᠠᠵᠢᠯ ᠢ | ᠬᠠᠷᠢᠭᠤᠴᠠᠨ᠎ᠠ᠃ | ︵ᠬᠤᠶᠠᠷ︶ ᠠᠵᠤ ᠦᠢᠯᠡᠳᠪᠦᠷᠢ ᠶᠢᠨ ᠮᠡᠳᠡᠭᠡ ᠵᠠᠩᠭᠢᠴᠢᠯᠠᠯᠲᠠ ᠶᠢᠨ ᠲᠠᠰᠤᠭ᠃ ᠪᠦᠬᠦ ᠰᠢᠶᠠᠨ ᠤ ᠠᠵᠤ | ᠦᠢᠯᠡᠳᠪᠦᠷᠢ ᠶᠢᠨ ᠠᠵᠢᠯᠯᠠᠭᠠᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠵᠠᠳᠠᠯᠤᠯᠲᠠ ᠬᠢᠬᠦ ᠠᠵᠢᠯ ᠢ | ᠬᠠᠷᠢᠭᠤᠴᠠᠵᠤ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠠᠵᠤ | ᠦᠢᠯᠡᠳᠪᠦᠷᠢ ᠶᠢᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠶᠠᠨ ᠪᠠᠶᠢᠭᠤᠯᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ | ᠠᠬᠤᠶᠢᠯᠠᠯ ᠤᠨ ᠡᠭᠦᠷᠭᠡᠯᠡᠯ ᠢ ᠵᠣᠬᠢᠴᠠᠭᠤᠯᠤᠨ ᠬᠥᠩᠭᠡᠷᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠵᠣᠬᠢᠶᠠᠨ | ᠪᠠᠶᠢᠭᠤᠯᠣᠨ ᠰᠣᠳᠣᠯᠵᠣ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠰᠢᠶᠠᠨ ᠤ ᠡᠳ᠋ ᠤᠨ ᠵᠠᠰᠠᠭ ᠤᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠣᠷᠠᠳᠣᠨ᠎ᠠ᠃ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠣᠯᠲᠠ ᠶᠢ ᠵᠢᠯᠣᠭᠤᠳᠴᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠳᠤᠮᠳᠠ ᠵᠢᠵᠢᠭ ᠠᠵᠤ | ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠷᠸ᠎ᠠ | ᠵᠢᠯᠣᠭᠤᠳᠤᠯᠭ᠎ᠠ᠂ ᠶᠡᠷᠦᠩᠬᠡᠶᠢᠯᠡᠨ ᠵᠣᠬᠢᠴᠠᠭᠤᠯᠬᠤ ᠪᠠ ᠦᠢᠯᠡᠴᠢᠯᠡᠬᠦ ᠶᠢ ᠬᠠᠷᠢᠭᠤᠴᠠᠵᠣ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠣᠷᠢᠵᠢᠭᠤᠯᠣᠨ᠎ᠠ᠃ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ | ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ | ᠬᠢᠬᠦ ᠶᠢ ᠬᠠᠷᠢᠭᠤᠴᠠᠨ᠎ᠠ᠃ ᠪᠦᠬᠦ ᠰᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠭᠠᠳᠠᠭᠠᠳᠤ ᠲᠠᠢ ᠠᠵᠤ ᠠᠬᠤᠶ | ᠲᠧᠭᠨᠢᠭ ᠮᠡᠷᠭᠡᠵᠢᠯ ᠤᠨ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ ᠪᠦᠬᠦ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠲᠥᠯᠥᠪᠵᠢᠭᠦᠯᠪᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ᠂ ᠳᠡᠰ | ᠳᠡᠪᠰᠢᠭᠦᠯᠬᠦ᠂ ᠲᠣᠭᠤᠷᠢᠭ ᠢ ᠥᠷᠭᠡᠳᠬᠡᠬᠦ᠂ ᠣᠷᠣᠨ ᠪᠠᠶᠢᠷᠢ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠵᠢᠭᠠᠨ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠢ | ᠬᠢᠨᠠᠨ ᠬᠡᠮᠵᠢᠬᠦ᠂ ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠢ ᠡᠭᠦᠷᠭᠡᠯᠡᠵᠦ ᠮᠡᠳᠡᠭᠡ ᠵᠠᠩᠭᠢᠴᠢᠯᠠᠯᠲᠠ ᠬᠢᠭᠡᠳ ᠠᠵᠤ | ᠦᠢᠯᠡᠳᠪᠦᠷᠢᠵᠢᠯᠡᠯᠲᠡ ᠶᠢ ᠠᠭᠤᠰᠤᠯᠴᠠᠭᠤᠯᠬᠤ ᠶᠢ ᠬᠠᠷᠢᠭᠤᠴᠠᠨ ᠠᠬᠢᠭᠤᠯᠵᠤ᠂ ᠰᠢᠨ᠎ᠡ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠵᠡᠷᠭᠡ ᠠᠵᠢᠯ ᠢ ᠬᠠᠷᠢᠭᠤᠴᠠᠵᠤ ᠠᠵᠤ ᠦᠢᠯᠡᠳᠪᠦᠷᠢ ᠶᠢᠨ ᠮᠡᠳᠡᠭᠡ ᠵᠠᠩᠭᠢᠴᠢᠯᠠᠯᠲᠠ ᠶᠢᠨ ᠲᠦᠯᠦᠪᠵᠢᠭᠦᠯᠭᠡ | ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢᠴᠢᠯᠠᠯᠲᠠ ᠵᠢᠴᠢ ᠮᠡᠳᠡᠭᠡ ᠵᠠᠩᠭᠢ ᠶᠢᠨ ᠠᠮᠤᠷ | ᠲᠦᠪᠰᠢᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠯᠧᠺᠲᠷᠣᠨ ᠢᠶᠠᠷ ᠭᠡᠷᠡᠴᠢᠯᠡᠬᠦ ᠠᠵᠢᠯ ᠢ ᠡᠭᠦᠷᠭᠡᠯᠡᠨ᠎ᠡ᠃ | ᠠᠵᠤ ᠦᠢᠯᠡᠳᠪᠦᠷᠢ ᠶᠢᠨ ᠲᠣᠭᠠᠵᠢᠭᠤᠯᠬᠤ᠂ ᠤᠶᠤᠨᠴᠢᠯᠠᠬᠤ᠂ ᠰᠦᠯᠵᠢᠶᠡᠵᠢᠭᠦᠯᠦᠨ ᠦᠢᠯᠡᠳᠬᠦ ᠪᠠ ᠬᠡᠷᠡᠭᠯᠡᠬᠦ ᠶᠢ | ᠵᠢᠯᠣᠭᠤᠳᠣᠨ ᠠᠬᠢᠭᠤᠯᠤᠨ᠎ᠠ᠃ ᠵᠥᠭᠡᠯᠡᠨ ᠲᠣᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ ᠪᠦᠬᠦ ᠰᠢᠶᠠᠨ ᠤ ᠴᠢᠮᠡᠭᠡ | ᠬᠤᠯᠪᠣᠭᠠᠨ ᠤ ᠲᠣᠤᠷ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ | ᠴᠢᠮᠡᠭᠡ ᠬᠤᠯᠪᠣᠭᠠᠨ ᠤ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ᠎ᠠ᠃ ᠠᠵᠤ ᠦᠢᠯᠡᠳᠪᠦᠷᠢ ᠪᠣᠯᠤᠨ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠳᠠ ᠪᠠ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠣ᠂ | ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠶᠯᠡᠰᠵᠢᠯᠲᠡ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ | ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ ᠪᠦᠬᠦ ᠰᠢᠶᠠᠨ ᠤ ᠲᠣᠨᠣᠭᠯᠠᠯ ᠦᠢᠯᠡᠳᠬᠦ ᠦᠢᠯᠡᠰ | ᠪᠣᠯᠤᠨ ᠬᠥᠩᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ | ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ | ᠠᠵᠢᠯ ᠲᠥᠷᠥᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠰᠤᠳᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠶᠢᠨ | ᠴᠢᠨᠠᠷᠲᠠᠶ ᠰᠠᠨᠠᠭᠤᠯᠭ᠎ᠠ ᠳᠤᠷᠠᠳᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ | ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠵᠣᠬᠢᠴᠠᠭᠤᠯᠬᠤ ᠬᠤᠯᠪᠣᠭᠳᠠᠯ ᠪᠦᠬᠦᠢ ᠴᠢᠬᠤᠯᠠ | ᠶᠡᠭᠡ ᠲᠤᠰᠬᠠᠶ ᠵᠦᠢᠯ ᠳᠤ ᠲᠦᠰᠢᠭᠯᠡᠨ ᠬᠡᠷᠡᠭᠵᠢᠭᠦᠯᠬᠦ ᠬᠡᠷᠡᠭᠲᠡᠶ᠃ ᠤᠶᠤᠯᠢᠭ ᠦᠢᠯᠡᠳᠬᠦ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠮᠡᠷᠭᠡᠵᠢᠯ ᠲᠣᠨᠣᠭᠯᠠᠯ ᠤᠨ ᠮᠡᠷᠭᠡᠵᠢᠯ ᠣᠷᠣᠭᠤᠯᠬᠤ᠂ ᠰᠢᠩᠭᠡᠭᠡᠨ ᠠᠪᠬᠤ | ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠦᠢᠯᠡᠴᠢᠯᠡᠭᠡᠨ ᠤ | ᠬᠡᠯᠪᠡᠷᠢ ᠶᠢᠨ ᠦᠢᠯᠡᠳᠬᠦ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠪᠣᠯᠤᠨ ᠤᠯᠠᠮᠵᠢᠯᠠᠯᠲᠤ ᠭᠠᠷ ᠤᠷᠠᠯᠠᠯ ᠤᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠣ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠥᠭᠵᠢᠯᠲᠡ ᠪᠠ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠪᠦᠬᠦ ᠰᠢᠶᠠᠨ ᠤ ᠠᠵᠤ ᠦᠢᠯᠡᠳᠪᠦᠷᠢ | ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠪᠠ ᠲᠡᠭᠦᠯᠳᠡᠷᠵᠢᠭᠦᠯᠦᠯᠲᠡ ᠶᠢ ᠬᠠᠷᠢᠭᠤᠴᠠᠨ᠎ᠠ᠃ ᠠᠵᠢᠯ ᠲᠥᠷᠥᠯ ᠤᠨ ᠶᠠᠰᠤ ᠴᠢᠨᠠᠷ᠂ | ᠪᠠᠷᠢᠮᠵᠢᠶᠠᠵᠢᠭᠤᠯᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠪᠣᠯᠤᠨ ᠬᠤᠲᠠ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ | ᠵᠢᠷᠤᠮᠵᠢᠯ ᠤᠨ ᠬᠠᠮᠢᠶᠠᠷᠤᠯᠲᠠ᠂ ᠬᠢᠨᠠᠨ ᠬᠡᠮᠵᠢᠬᠦ᠂ ᠲᠦᠯᠬᠢᠨ ᠠᠬᠢᠭᠤᠯᠬᠤ ᠡᠯᠧᠺᠲᠷᠣᠨ ᠦᠢᠯᠡᠳᠬᠡᠯ ᠤᠨ ᠠᠵᠢᠯ | ᠲᠥᠷᠥᠯ ᠤᠨ ᠦᠢᠯᠡᠳᠪᠦᠷᠢᠯᠡᠯ ᠪᠣᠯᠤᠨ ᠡᠵᠡᠩᠨᠡᠯᠲᠡ ᠶᠢ ᠬᠡᠷᠡᠭᠵᠢᠭᠦᠯᠬᠦ ᠬᠡᠷᠡᠭᠲᠡᠶ᠃ ᠴᠡᠷᠢᠭ ᠠᠷᠠᠳ ᠤᠨ ᠬᠤᠶᠠᠷ | ᠬᠡᠷᠡᠭᠴᠡᠭᠡᠲᠦ ᠮᠡᠷᠭᠡᠵᠢᠯ ᠢ ᠬᠤᠤᠰ ᠴᠢᠭᠯᠡᠯ ᠢᠶᠠᠷ ᠰᠢᠯᠵᠢᠭᠦᠯᠬᠦ᠂ ᠴᠡᠷᠢᠭ ᠠᠷᠠᠳ ᠨᠡᠶᠢᠳᠡᠮ ᠬᠡᠷᠡᠭᠯᠡᠬᠦ ᠪᠠᠷᠢᠮᠵᠢᠶ᠎ᠠ ᠶᠢᠨ | ᠰᠢᠰᠲ᠋ᠧᠮ ᠤᠨ ᠪᠠᠶᠢᠭᠤᠯᠤᠯᠲᠠ ᠵᠡᠷᠭᠡ ᠴᠡᠷᠢᠭ ᠠᠷᠠᠳ ᠤᠶᠠᠯᠳᠤᠨ ᠬᠥᠭᠵᠢᠬᠦ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠡᠨᠧᠷᠭᠢ ᠶᠢᠨ ᠰᠤᠷᠪᠤᠯᠵᠢ ᠶᠢ ᠠᠷᠪᠢᠯᠠᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ | ᠦᠢᠯᠡᠳᠬᠦ ᠰᠢᠰᠲ᠋ᠧᠮ ᠤᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ | ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠶᠢ ᠰᠤᠳᠤᠯᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ | ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠡᠨᠧᠷᠭᠢ ᠠᠷᠪᠢᠯᠠᠬᠤ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ | ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠵᠤ | ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ | ᠲᠦᠯᠬᠢᠨ ᠠᠬᠢᠭᠤᠯᠤᠨ᠎ᠠ᠃ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ | ᠬᠥᠭᠵᠢᠯᠲᠡ ᠶᠢ ᠵᠢᠯᠣᠭᠤᠳᠤᠨ ᠠᠬᠢᠭᠤᠯᠣᠨ᠎ᠠ᠃ ᠪᠦᠬᠦ ᠰᠢᠶᠠᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ | ᠬᠠᠮᠢᠶᠠᠷᠤᠯᠲᠠ᠂ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠵᠡᠷᠭᠡ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠢ ᠡᠭᠦᠷᠭᠡᠯᠡᠵᠦ ᠠᠵᠢᠯ ᠲᠥᠷᠥᠯ ᠤᠨ ᠬᠦᠭᠵᠢᠯᠲᠡ ᠶᠢᠨ ᠲᠦᠯᠦᠪᠵᠢᠭᠦᠯᠭᠡ ᠵᠢᠴᠢ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠰᠤᠳᠤᠯᠤᠨ ᠨᠠᠶᠢᠳᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ | ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ | ᠬᠡᠷᠡᠭᠴᠡᠭᠡ ᠱᠠᠭᠠᠷᠳᠠᠯᠭ᠎ᠠ ᠶᠢᠨ ᠬᠠᠵᠠᠭᠤ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠨᠡᠭᠦᠷᠡᠰᠦᠨ ᠤ | ᠠᠵᠢᠯ ᠲᠥᠷᠥᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠠᠵᠢᠯ ᠲᠦᠷᠥᠯ ᠤᠨ ᠬᠥᠭᠵᠢᠯᠲᠡ ᠶᠢᠨ | ᠲᠦᠯᠦᠪᠵᠢᠭᠦᠯᠭᠡ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠨᠠᠶᠢᠳᠠᠪᠣᠷᠢᠵᠢᠭᠤᠯᠣᠨ᠎ᠠ᠃ | ᠨᠡᠭᠦᠷᠡᠰᠦᠨ ᠤ ᠠᠵᠢᠯ ᠲᠥᠷᠥᠯ ᠤᠨ ᠪᠦᠷᠢᠳᠬᠡᠨ ᠵᠠᠳᠠᠯᠬᠤ᠂ ᠠᠵᠢᠯᠯᠠᠭᠠᠨ ᠢ ᠬᠢᠨᠠᠨ ᠬᠡᠮᠵᠢᠬᠦ ᠵᠡᠷᠭᠡ ᠠᠵᠢᠯ ᠢ | ᠬᠠᠷᠢᠭᠤᠴᠠᠨ᠎ᠠ᠃ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠡᠮᠬᠢ ᠳᠢᠭᠯᠢᠮ | ᠵᠢᠴᠢ ᠮᠠᠯᠲᠠᠵᠤ ᠬᠦᠨᠳᠡᠶᠢᠷᠡᠭᠦᠯᠦᠭᠰᠡᠨ ᠣᠷᠣᠨ᠂ ᠭᠠᠯ ᠨᠣᠴᠣᠭᠰᠠᠨ ᠣᠷᠣᠨ ᠪᠣᠯᠤᠨ ᠳᠣᠷᠣᠭᠰᠢ ᠰᠠᠭᠤᠭᠰᠠᠨ | ᠣᠷᠣᠨ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠦᠢᠯᠡᠳᠪᠦᠷᠢᠯᠡᠯ | ᠲᠡᠭᠡᠭᠡᠪᠦᠷᠢ ᠬᠡᠷᠡᠭᠴᠡᠭᠡ ᠶᠢ ᠵᠣᠯᠭᠠᠭᠤᠯᠬᠤ ᠶᠢ ᠬᠠᠷᠢᠭᠤᠴᠠᠵᠤ᠂ ᠨᠡᠭᠦᠷᠡᠰᠦᠨ ᠤ ᠬᠠᠩᠭᠠᠯᠭ᠎ᠠ ᠶᠢᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠨᠡᠭᠦᠷᠡᠰᠦᠨ ᠤ ᠠᠵᠢᠯ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠢᠴᠢ ᠲᠡᠷᠢᠭᠦᠨ ᠤ ᠮᠡᠷᠭᠡᠵᠢᠯ᠂ ᠤᠷᠠᠨ ᠳᠠᠷᠬ᠎ᠠ᠂ | ᠵᠠᠩ ᠳᠠᠳᠬᠠᠯ ᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ | ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠯᠪᠣᠭᠳᠠᠯ ᠪᠦᠬᠦᠢ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ᠂ ᠲᠦᠭᠦᠬᠡᠶ ᠮᠠᠲ᠋ᠧᠷᠢᠶᠠᠯ ᠤᠨ ᠠᠵᠤ | ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠦᠭᠦᠬᠡᠶ ᠮᠠᠲ᠋ᠧᠷᠢᠶᠠᠯ ᠤᠨ ᠠᠵᠢᠯ ᠲᠥᠷᠥᠯ ᠤᠨ ᠵᠢᠷᠤᠮᠵᠢᠯ᠂ ᠪᠠᠷᠢᠮᠵᠢᠶ᠎ᠠ ᠵᠢᠴᠢ | ᠵᠥᠪᠰᠢᠶᠡᠷᠡᠨ ᠣᠷᠣᠭᠤᠯᠬᠤ ᠳᠦᠷᠢᠮ ᠢ ᠬᠡᠷᠡᠭᠵᠢᠭᠦᠯᠦᠨ᠎ᠡ᠃ ᠬᠤᠪᠣᠷ ᠰᠢᠷᠣᠶ ᠶᠢᠨ ᠠᠵᠢᠯ ᠲᠥᠷᠥᠯ ᠤᠨ ᠬᠠᠮᠢᠶ᠎ᠠ | ᠪᠦᠬᠦᠢ ᠠᠵᠢᠯ ᠢ ᠵᠣᠬᠢᠴᠠᠭᠤᠯᠤᠨ᠎ᠠ᠃ ︽ᠬᠢᠮᠢ ᠶᠢᠨ ᠵᠡᠪᠰᠡᠭ ᠢ ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠵᠣᠬᠢᠶᠠᠨ | ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ ᠭᠦᠢᠴᠡᠳᠬᠡᠨ᠎ᠡ᠃ ᠪᠦᠬᠦ ᠰᠢᠶᠠᠨ ᠤ ᠰᠢᠨ᠎ᠡ ᠡᠨᠧᠷᠭᠢ ᠶᠢᠨ | ᠰᠤᠷᠪᠤᠯᠵᠢ ᠪᠠ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠤᠨ ᠠᠵᠢᠯᠯᠠᠭᠠᠨ ᠤ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠰᠢᠨ᠎ᠡ ᠡᠨᠧᠷᠭᠢ ᠶᠢᠨ ᠰᠤᠷᠪᠤᠯᠵᠢ ᠪᠣᠯᠤᠨ ᠳᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠪᠦᠷᠢᠳᠬᠡᠨ ᠲᠣᠬᠢᠷᠠᠭᠤᠯᠬᠤ᠂ ᠤᠷᠢᠳᠴᠢᠯᠠᠨ ᠵᠢᠱᠢᠵᠦ | ᠤᠷᠢᠳᠴᠢᠯᠠᠨ ᠰᠡᠷᠡᠮᠵᠢᠯᠡᠭᠦᠯᠬᠦ᠂ ᠪᠠᠶᠢᠳᠠᠯ ᠢ ᠵᠠᠳᠠᠯᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ | ᠬᠠᠷᠢᠭᠤᠴᠠᠨ᠎ᠠ᠃ | ︵ᠭᠤᠷᠪᠠ︶ ᠬᠤᠳᠠᠯᠳᠤᠭᠠᠨ ᠤ ᠶᠠᠪᠤᠳᠠᠯ ᠤᠨ ᠲᠠᠰᠤᠭ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠤᠳᠠᠯᠳᠤᠭᠠᠨ ᠤ ᠶᠠᠪᠣᠳᠠᠯ ᠤᠨ ᠬᠥᠭᠵᠢᠯᠲᠡ ᠶᠢᠨ ᠬᠠᠨᠳᠤᠰᠢ ᠶᠢ | ᠰᠤᠳᠤᠯᠬᠤ ᠶᠢᠨ ᠬᠠᠮᠲᠤ ᠡᠳᠡᠭᠡᠷ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ ᠲᠣᠪᠴᠢᠶᠠᠨ ᠤ ᠳᠣᠲᠣᠷᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠨᠠᠶᠢᠳᠠᠪᠣᠷᠢᠵᠢᠭᠤᠯᠣᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠶ ᠶᠢᠨ ᠬᠠᠮᠲᠤᠷᠠᠯᠴᠠᠭᠠᠨ ᠤ ᠭᠠᠳᠠᠭᠠᠳᠣ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠬᠤᠷᠢᠶᠠᠩᠭᠤᠶᠢᠯᠠᠵᠤ ᠵᠠᠳᠠᠯᠣᠨ᠎ᠠ᠃ | ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠪᠠ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ | ᠬᠦᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠬᠤᠳᠠᠯᠳᠤᠭᠠᠨ ᠤ ᠲᠣᠤᠷ ᠴᠡᠭ ᠤᠨ | ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠬᠤ ᠬᠡᠷᠡᠭᠲᠡᠶ᠃ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ | ᠬᠥᠭᠵᠢᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡ | ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ ᠶᠢ | ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠣᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ | ᠠᠬᠢᠭᠤᠯᠤᠨ᠎ᠠ᠃ ᠮᠠᠰᠢᠨ ᠲᠡᠷᠭᠡᠨ ᠤ ᠭᠦᠢᠯᠭᠡᠭᠡᠨ ᠤ ᠠᠵᠢᠯ ᠲᠥᠷᠥᠯ ᠢ ᠬᠢᠨᠠᠨ ᠬᠠᠮᠢᠶᠠᠷᠤᠨ᠎ᠠ᠃ ᠳᠣᠲᠣᠭᠠᠳᠤ | ᠠᠷᠠᠯᠵᠢᠶᠠᠨ ᠤ ᠭᠦᠢᠯᠭᠡᠭᠡᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠨᠠᠶᠢᠳᠠᠪᠣᠷᠢᠵᠢᠭᠤᠯᠬᠤ ᠶᠢᠨ | ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠣᠲᠣᠭᠠᠳᠤ ᠠᠷᠠᠯᠵᠢᠶ᠎ᠠ ᠶᠢ ᠨᠡᠪᠲᠡᠷᠡᠭᠦᠯᠦᠨ ᠠᠬᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠬᠡᠯᠬᠢᠶ᠎ᠡ ᠡᠵᠡᠩᠨᠡᠯᠲᠡ ᠵᠡᠷᠭᠡ | ᠤᠳᠤ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠦᠨ᠎ᠡ ᠬᠠᠶᠠᠵᠤ | ᠬᠤᠳᠠᠯᠳᠤᠬᠤ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠵᠡᠷᠭᠡ ᠳᠤ ᠬᠠᠤᠯᠢ ᠶᠣᠰᠣᠭᠠᠷ | ᠬᠠᠮᠢᠶᠠᠷᠤᠯᠲᠠ ᠶᠠᠪᠤᠭᠤᠯᠤᠨ᠎ᠠ᠃ ᠪᠦᠬᠦ ᠰᠢᠶᠠᠨ ᠤ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ | ᠬᠠᠮᠢᠶᠠᠷᠬᠤ ᠠᠵᠢᠯ ᠢ ᠬᠠᠷᠢᠭᠤᠴᠠᠵᠤ᠂ ᠰᠢᠶᠠᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠶᠢᠨ ᠳᠣᠲᠣᠷ᠎ᠠ | ᠦᠵᠡᠰᠬᠦᠯᠡᠩ ᠤᠨ ᠠᠵᠢᠯᠯᠠᠭ᠎ᠠ ᠡᠷᠬᠢᠯᠡᠬᠦ ᠶᠢ ᠬᠠᠮᠢᠶᠠᠷᠤᠨ᠎ᠠ᠃ ᠪᠦᠬᠦ ᠰᠢᠶᠠᠨ ᠤ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ︵ᠬᠤᠭᠤᠯᠠ ᠤᠮᠳᠠ ᠬᠤᠨᠤᠭ ᠤᠨ ᠦᠢᠯᠡᠰ ᠪᠠᠭᠲᠠᠨ᠎ᠠ︶ ᠤᠨ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ | ᠵᠣᠬᠢᠴᠠᠭᠤᠯᠤᠨ ᠴᠡᠭᠴᠡᠯᠡᠨ ᠵᠢᠷᠤᠮᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠠᠬᠢᠭᠤᠯᠬᠤ | ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ | ᠵᠢᠯᠣᠭᠤᠳᠤᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ | ᠵᠢᠷᠣᠮᠵᠢᠭᠤᠯᠵᠤ᠂ ᠰᠢᠭᠤᠳ ᠪᠣᠷᠣᠯᠠᠭᠤᠯᠬᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠡᠮ ᠤᠨ ᠵᠦᠢᠯ ᠤᠨ | ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ | ᠨᠠᠶᠢᠳᠠᠪᠣᠷᠢᠵᠢᠭᠤᠯᠣᠨ᠎ᠠ᠃ ᠵᠠᠬ᠎ᠠ ᠳᠡᠯᠭᠡᠭᠦᠷ ᠤᠨ ᠠᠵᠢᠯᠯᠠᠭᠠᠨ ᠢ ᠲᠤᠬᠢᠷᠠᠭᠤᠯᠤᠨ ᠡᠵᠡᠮᠳᠡᠬᠦ ᠪᠠ ᠬᠡᠷᠡᠭᠯᠡᠭᠡ ᠶᠢ | ᠠᠬᠢᠭᠤᠯᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢ ᠰᠤᠳᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠬᠦ ᠪᠠ | ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠢᠬᠠᠨ ᠤ ᠵᠦᠢᠯ ᠵᠡᠷᠭᠡ ᠴᠢᠬᠤᠯᠠ | ᠲᠠᠸᠠᠷ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠴᠢᠬᠤᠯᠠ ᠲᠠᠸᠠᠷ ︵ᠪᠣᠯᠪᠠᠰᠤᠷᠠᠭᠤᠯᠤᠭᠰᠠᠨ | ᠲᠣᠰᠣ᠂ ᠬᠦᠷᠢ ᠶᠢᠨ ᠲᠣᠷᠭ᠎ᠠ︶ ᠪᠣᠯᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠵᠢᠴᠢ | ᠠᠵᠢᠯ ᠲᠥᠷᠥᠯ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ | ᠬᠥᠭᠵᠢᠯᠲᠡ ᠶᠢ ᠠᠬᠢᠭᠤᠯᠬᠤ ᠲᠦᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠨᠠᠶᠢᠳᠠᠪᠣᠷᠢᠵᠢᠭᠤᠯᠬᠤ᠂ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠡᠷᠡᠭᠯᠡᠭᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠭᠠᠳᠠᠭᠠᠳᠤ | ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠤᠰᠢᠯᠠᠭᠤᠯᠣᠨ | ᠨᠠᠶᠢᠳᠠᠪᠤᠷᠢᠵᠢᠭᠤᠯᠤᠨ᠎ᠠ᠃ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠶ ᠮᠠᠲ᠋ᠧᠷᠢᠶᠠᠯ᠂ ᠴᠢᠬᠤᠯᠠ | ᠲᠠᠷᠢᠶᠠᠯᠠᠩ ᠤᠨ ᠪᠦᠲᠦᠭᠡᠭᠳᠡᠭᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ | ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠲᠣ ᠲᠤᠭ᠎ᠠ᠂ ᠪᠣᠭᠤᠮᠲᠠ ᠶᠢᠨ ᠭᠠᠶᠢᠯᠢ ᠶᠢᠨ ᠬᠢᠵᠠᠭᠠᠷᠲᠣ | ᠲᠤᠭ᠎ᠠ ᠶᠢᠨ ᠣᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠤᠯᠤᠰ ᠤᠨ ᠮᠠᠰᠢᠨ ᠴᠠᠬᠢᠯᠭᠠᠨ ᠤ ᠦᠢᠯᠡᠳᠬᠦᠨ ︵ | ᠣᠯᠠᠨ ᠤᠯᠤᠰ ᠠᠴᠠ ᠳᠠᠭᠠᠭᠠᠴᠢᠯᠠᠯᠲᠠ ᠵᠠᠷᠯᠠᠬᠤ ᠪᠠᠭᠲᠠᠨ᠎ᠠ︶ ᠪᠣᠯᠣᠨ ᠳᠡᠭᠡᠳᠦ ᠰᠢᠨ᠎ᠡ ᠮᠡᠷᠭᠡᠵᠢᠯ ᠤᠨ | ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠢᠵᠢ ᠪᠦᠷᠢᠨ ᠲᠥᠬᠦᠭᠡᠷᠦᠮᠵᠢ ᠶᠢ | ᠭᠠᠳᠠᠭᠠᠳᠤ ᠳᠤ ᠭᠠᠷᠭᠠᠬᠤ᠂ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠡᠳ᠋ᠰᠢᠭᠦᠯᠵᠦ ᠪᠣᠯᠪᠠᠰᠣᠷᠠᠭᠤᠯᠬᠤ ᠠᠷᠠᠯᠵᠢᠶ᠎ᠠ ᠶᠢᠨ | ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠭᠠᠷᠴᠠᠭ ᠢ ᠬᠡᠷᠡᠭᠵᠢᠭᠦᠯᠵᠦ ᠪᠦᠬᠦ | ᠰᠢᠶᠠᠨ ᠤ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠲᠥᠯᠥᠪ ᠤᠨ ᠬᠥᠭᠵᠢᠯᠲᠡ ᠶᠢᠨ ᠠᠵᠢᠯ ᠢ | ᠲᠦᠯᠬᠢᠨ ᠠᠬᠢᠭᠤᠯᠬᠤ ᠬᠡᠷᠡᠭᠲᠡᠶ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠯᠤᠭ᠎ᠠ ᠬᠤᠯᠪᠣᠭᠳᠠᠬᠤ | ᠠᠵᠢᠯ ᠢ ᠬᠠᠷᠢᠭᠤᠴᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ᠂ ᠮᠡᠷᠭᠡᠵᠢᠯ ᠤᠨ | ᠠᠷᠠᠯᠵᠢᠶ᠎ᠠ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢ ᠬᠠᠤᠯᠢ ᠶᠣᠰᠣᠭᠠᠷ ᠬᠠᠮᠢᠶᠠᠷᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ | ᠲᠣᠭᠲᠠᠭᠠᠯ᠂ ᠭᠡᠷ᠎ᠡ ᠳᠦᠷᠢᠮ᠂ ᠳᠠᠩᠰᠠᠯᠠᠭᠤᠯᠤᠭᠰᠠᠨ ᠪᠠᠶᠢᠳᠠᠯ ᠢ ᠬᠠᠣᠯᠢ ᠶᠣᠰᠣᠭᠠᠷ ᠬᠢᠨᠠᠯᠲᠠ ᠲᠠᠯᠪᠢᠵᠤ | ᠪᠠᠶᠢᠴᠠᠭᠠᠬᠤ ᠶᠢᠨ ᠬᠠᠮᠲᠤ ᠭᠠᠳᠠᠭᠠᠳᠤ ᠶᠢᠨ ᠬᠤᠳᠠᠯᠳᠤᠭᠠᠴᠢᠨ ᠤ ᠵᠠᠭᠠᠯᠳᠣᠯᠭ᠎ᠠ ᠵᠡᠷᠭᠡ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠰᠢᠶᠠᠨ ᠤ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ | ᠠᠵᠢᠯ ᠢ ᠵᠣᠬᠢᠴᠠᠭᠤᠯᠤᠨ᠎ᠠ᠃ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ | ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ ᠵᠢᠴᠢ | ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠬᠠᠮᠢᠶᠠᠷᠴᠤ᠂ ᠲᠡᠭᠦᠨ ᠳᠤ ᠬᠢᠨᠠᠯᠲᠠ ᠲᠠᠯᠪᠢᠨ᠎ᠠ᠃ ᠮᠠᠨ ᠤ | ᠰᠢᠶᠠᠨ ᠤ ᠠᠵᠤ ᠠᠬᠤᠶᠢᠯᠠᠯ ᠤᠨ ᠭᠠᠳᠠᠭᠰᠢ ᠪᠡᠯᠡ ᠣᠷᠣᠭᠤᠯᠵᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ | ᠠᠵᠤ ᠠᠬᠤᠶᠢᠯᠠᠯ ᠪᠠᠭᠲᠠᠬᠤ ᠦᠭᠡᠢ︶ ᠡᠷᠬᠢᠯᠡᠬᠦ ᠶᠢᠨ ᠠᠩᠬᠠᠨ ᠤ ᠬᠢᠨᠠᠯᠲᠠ ᠶᠢ ᠬᠠᠤᠯᠢ ᠶᠣᠰᠣᠭᠠᠷ ᠬᠠᠷᠢᠭᠤᠴᠠᠨ᠎ᠠ᠃ | ᠭᠠᠳᠠᠭᠰᠢ ᠲᠣᠮᠢᠯᠠᠭᠰᠠᠨ ᠬᠥᠳᠡᠯᠮᠦᠷᠢ ᠦᠢᠯᠡᠴᠢᠯᠡᠭᠡ ᠪᠠ ᠬᠢᠯᠢ ᠶᠢᠨ ᠭᠠᠳᠠᠨ᠎ᠠ ᠠᠵᠢᠯ ᠣᠯᠤᠭᠰᠠᠳ ᠤᠨ ᠡᠷᠬᠡ | ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠭᠠᠳᠠᠭᠠᠳᠤ ᠠᠵᠤ ᠠᠬᠤᠶ ᠠᠷᠠᠯᠵᠢᠶᠠᠨ ᠤ | ᠬᠡᠯᠡᠯᠴᠡᠭᠡ ᠬᠢᠬᠦ ᠪᠠ ᠵᠥᠪᠳᠡᠯᠴᠡᠬᠦ ᠶᠢ ᠬᠠᠷᠢᠭᠤᠴᠠᠵᠤ᠂ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ | ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ ᠵᠣᠬᠢᠴᠠᠭᠤᠯᠤᠨ᠎ᠠ᠃ ᠮᠠᠨ ᠤ ᠰᠢᠶᠠᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ | ᠬᠠᠷᠢᠭᠤᠴᠠᠯᠭ᠎ᠠ ᠪᠠ ᠤᠯᠤᠰ ᠤᠨ ᠭᠠᠳᠠᠭᠠᠳᠣ ᠳᠤ ᠲᠤᠰᠠᠯᠠᠮᠵᠢ ᠦᠵᠡᠭᠦᠯᠬᠦ ᠵᠦᠢᠯᠡᠰ ᠢ ᠬᠡᠷᠡᠭᠵᠢᠭᠦᠯᠬᠦ ᠠᠵᠢᠯ ᠢ | ᠡᠭᠦᠷᠭᠡᠯᠡᠵᠦ᠂ ᠠᠵᠤ ᠠᠬᠤᠶᠢᠯᠠᠯ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠬᠢᠷᠢ ᠬᠡᠮ ᠢ ᠠᠩᠬ᠎ᠠ ᠬᠢᠨᠠᠬᠤ ᠪᠠ | ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠨᠠᠶᠢᠳᠠᠪᠣᠷᠢᠵᠢᠭᠤᠯᠬᠤ᠂ | ᠬᠥᠭᠵᠢᠯᠲᠡ ᠶᠢᠨ ᠲᠥᠯᠥᠪᠵᠢᠭᠦᠯᠭᠡ ᠪᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ ᠪᠦᠷᠢᠳᠬᠡᠬᠦ ᠪᠠ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠶ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠤᠷᠠᠮᠳᠤᠬᠤ ᠪᠠ ᠮᠡᠳᠡᠭᠡ ᠵᠠᠩᠭᠢ | ᠨᠡᠶᠢᠲᠡᠯᠡᠬᠦ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠫᠤᠷᠲ᠋ᠧᠯ ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ | ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠳᠠᠪᠤᠰᠤᠨ ᠤ ᠦᠢᠯᠡᠰ ᠤᠨ | ᠭᠤᠣᠯᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠶᠢ | ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠰᠢᠶᠠᠨ ᠤ ᠨᠡᠭᠦᠷᠡᠰᠦᠨ ᠠᠭᠤᠷᠬᠠᠶ ᠶᠢᠨ ᠠᠵᠢᠯ ᠲᠥᠷᠥᠯ ᠤᠨ ᠠᠶᠣᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ | ᠬᠠᠷᠢᠭᠤᠴᠠᠵᠤ᠂ ᠠᠶᠣᠯᠭᠦᠢ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠰᠤᠳᠤᠯᠤᠨ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠰᠢᠶᠠᠨ ᠤ ᠬᠡᠪᠴᠢᠶᠡᠨ ᠳᠠᠬᠢ ᠨᠡᠭᠦᠷᠡᠰᠦᠨ ᠠᠭᠤᠷᠬᠠᠶ᠂ | ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ ᠨᠡᠭᠦᠷᠡᠰᠦᠨ ᠠᠭᠤᠷᠬᠠᠢ ᠶᠢᠨ ᠠᠶᠣᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠵᠢᠴᠢ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ | ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ ᠬᠦᠴᠦᠨ ᠤ | ᠪᠡᠯᠡᠳᠬᠡᠮᠵᠢ ᠶᠢᠨ ᠬᠠᠮᠠᠭᠠᠯᠠᠯᠲᠠ ᠪᠣᠯᠤᠨ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ | ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ | ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃ ᠪᠦᠬᠦ ᠰᠢᠶᠠᠨ ᠤ ᠠᠷᠠᠳ ᠤᠨ ᠬᠡᠷᠡᠭᠯᠡᠭᠡᠨ ᠤ | ᠳᠡᠯᠪᠡᠴᠢᠯᠡᠭᠡ ᠶᠢᠨ ᠡᠳ᠋ ᠤᠨ ᠠᠵᠢᠯ ᠲᠥᠷᠥᠯ ᠤᠨ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠵᠠᠩᠭᠢᠯᠠᠭ᠎ᠠ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ᠪᠦᠬᠦ ᠰᠢᠶᠠᠨ ᠤ ᠠᠷᠠᠳ ᠤᠨ ᠬᠡᠷᠡᠭᠯᠡᠭᠡᠨ ᠤ | ᠳᠡᠯᠪᠡᠴᠢᠯᠡᠭᠡ ᠶᠢᠨ ᠠᠵᠢᠯ ᠲᠥᠷᠥᠯ ᠤᠨ ᠦᠢᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠪᠣᠯᠤᠨ ᠮᠡᠷᠭᠡᠵᠢᠯ ᠤᠨ | ᠳᠠᠪᠰᠢᠯᠲᠠ ᠶᠢᠨ ᠠᠵᠢᠯ ᠢ ᠲᠦᠯᠬᠢᠨ ᠠᠬᠢᠭᠤᠯᠬᠤ ᠬᠡᠷᠡᠭᠲᠡᠶ᠃ ᠪᠦᠬᠦ ᠰᠢᠶᠠᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ | ᠪᠣᠳᠠᠰ ᠤᠨ ᠠᠶᠣᠯᠭᠦᠢ ᠶᠢᠨ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠪᠠᠶᠢᠭᠤᠯᠭ᠎ᠠ ᠶᠢᠨ ᠨᠠᠮ ᠤᠨ ᠶᠡᠷᠦᠩᠬᠡᠶ ᠡᠭᠦᠷ ᠢ | ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ | ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | |