ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2024/3/6
︵ᠨᠢᠭᠡ︶ ᠠᠯᠪᠠᠨ ᠭᠡᠷᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠵᠥᠪᠯᠡᠯ ᠤᠨ ᠤᠳᠤᠷᠢᠳᠤᠯᠭ᠎ᠠ ᠳᠤ ᠬᠠᠮᠵᠢᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠎ᠡ︔3. ᠬᠤᠷᠠᠯ ᠤᠨ ᠵᠣᠬᠢᠶᠠᠨ ᠪᠠᠶᠢᠭᠤᠯᠤᠯᠲᠠ᠂ ᠨᠠᠷᠢᠨ ᠪᠢᠴᠢᠭᠡᠴᠢ ᠶᠢᠨ ᠬᠡᠷᠡᠭ ᠶᠠᠪᠤᠳᠠᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠬᠦᠯᠢᠶᠡᠨ ᠠᠪᠴᠤ ᠵᠣᠴᠢᠯᠠᠬᠤ᠂ ᠠᠮᠤᠷ ᠢ ᠬᠠᠮᠠᠭᠠᠯᠠᠬᠤ ᠵᠡᠷᠭᠡ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠠᠷᠢᠭᠤᠴᠠᠨ᠎ᠠ︔4. ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔5. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠵᠢᠴᠢ ᠵᠠᠬᠢᠳᠠᠯ  ᠰᠣᠷᠪᠣᠯᠵᠢᠯᠠᠭ᠎ᠠ ᠳᠤ ᠬᠠᠷᠢᠭᠤᠯᠲᠠ ᠥᠭᠬᠦ ᠠᠵᠢᠯ ᠢ ᠬᠢᠨᠠᠮᠠᠭᠠᠶ ᠰᠠᠶᠢᠲᠤᠷ ᠬᠢᠨ᠎ᠡ᠃︵ᠬᠤᠶᠠᠷ︶ ᠬᠥᠳᠡᠭᠡ ᠲᠣᠰᠬᠤᠨ ᠤ ᠠᠵᠤ ᠠᠬᠤᠶ ᠶᠢᠨ ᠲᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠪᠦᠬᠦ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠰᠤᠳᠤᠯᠤᠨ ᠳᠤᠷᠠᠳᠤᠨ᠎ᠠ︔ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠣᠨ ᠨᠠᠶᠢᠷᠠᠭᠤᠯᠤᠨ ᠵᠣᠬᠢᠶᠠᠨ᠎ᠠ︔3. ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ ᠂ ᠠᠵᠤ ᠠᠬᠤᠶ ᠶᠢᠨ ᠠᠵᠢᠯᠯᠠᠭᠠᠨ ᠤ ᠳᠤᠮᠳᠠ ᠭᠠᠷᠴᠤ ᠮᠡᠳᠡᠬᠦ ᠴᠢᠬᠤᠯᠠ ᠶᠡᠭᠡ ᠠᠰᠠᠭᠤᠳᠠᠯ ᠳᠤ ᠲᠣᠬᠢᠷᠠᠭᠤᠯᠤᠨ ᠡᠵᠡᠮᠳᠡᠬᠦ ᠠᠷᠭ᠎ᠠ ᠬᠡᠮᠵᠢᠶ᠎ᠡ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠤᠨ ᠭᠠᠷᠭᠠᠨ᠎ᠠ︔4. ᠲᠠᠷᠢᠶᠠᠯᠠᠩ ᠤᠨ ᠴᠢᠬᠤᠯᠠ ᠶᠡᠭᠡ ᠲᠥᠷᠥᠯ ᠵᠦᠢᠯ ᠢ ᠨᠠᠶᠢᠷᠠᠭᠤᠯᠤᠨ ᠮᠡᠳᠡᠭᠦᠯᠬᠦ ᠪᠠ ᠬᠢᠨᠠᠨ ᠬᠠᠷᠭᠤᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠢ ᠬᠡᠷᠡᠭᠵᠢᠭᠦᠯᠬᠦ᠂ ᠰᠢᠮᠳᠠᠭᠤᠯᠤᠨ ᠪᠠᠶᠢᠴᠠᠭᠠᠬᠤ ᠪᠠ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔︵ᠭᠤᠷᠪᠠ︶ ᠠᠵᠤ ᠦᠢᠯᠡᠰ ᠤᠨ ᠵᠣᠬᠢᠴᠠᠭᠤᠯᠬᠤ ᠲᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠠᠵᠤ ᠦᠢᠯᠡᠳᠪᠦᠷᠢ ᠶᠢᠨ ᠬᠥᠭᠵᠢᠯᠲᠡ ᠶᠢᠨ ᠣᠳᠣᠬᠢ ᠪᠠᠶᠢᠳᠠᠯ ᠪᠠ ᠬᠠᠨᠳᠤᠰᠢ ᠶᠢ ᠶᠡᠷᠦᠩᠬᠡᠶᠢᠯᠡᠨ ᠵᠠᠳᠠᠯᠵᠤ ᠵᠢᠱᠢᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ᠎ᠠ︔3. ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠰᠢᠶᠠᠨ ᠤ ᠠᠵᠤ ᠦᠢᠯᠡᠳᠪᠦᠷᠢ ᠶᠢ ᠬᠥᠭᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔4. ᠬᠤᠯᠪᠣᠭᠳᠠᠯ ᠪᠦᠬᠦᠢ ᠠᠵᠤ ᠦᠢᠯᠡᠳᠪᠦᠷᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠢᠴᠢ ᠬᠢᠨᠠᠬᠤ᠂ ᠳᠠᠮᠵᠢᠭᠤᠯᠤᠨ ᠮᠡᠳᠡᠭᠦᠯᠬᠦ ᠠᠵᠢᠯ ᠢ ᠡᠭᠦᠷᠭᠡᠯᠡᠨ᠎ᠡ᠃︵ᠲᠦᠷᠪᠡ︶ ᠨᠡᠶᠢᠭᠡᠮ ᠤᠨ ᠬᠥᠭᠵᠢᠯᠲᠡ ᠶᠢᠨ ᠲᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠳᠤᠮᠳᠠᠬᠢ ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠣᠷᠣᠯᠴᠠᠬᠤ ᠶᠢᠨ ᠬᠠᠮᠲᠤ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ︔3. ᠨᠡᠶᠢᠭᠡᠮ ᠤᠨ ᠦᠢᠯᠡᠰ ᠤᠨ ᠡᠯ᠎ᠡ ᠬᠦᠷᠢᠶᠡᠨ ᠳᠠᠬᠢ ᠬᠥᠭᠵᠢᠯᠲᠡ ᠪᠠ ᠥᠭᠡᠷᠡᠴᠢᠯᠡᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔4. ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠣᠬᠢᠷᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ︔︵ᠲᠠᠪᠤ︶ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠳᠤᠮᠳᠠ ᠣᠷᠲᠣ ᠬᠤᠭᠤᠴᠠᠭᠠᠨ ᠤ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ︔3. ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠨᠠᠶᠢᠳᠠᠪᠣᠷᠢᠵᠢᠭᠤᠯᠣᠨ᠎ᠠ︔4. ᠪᠦᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠡᠷᠡᠰ ᠢ ᠰᠤᠳᠤᠯᠤᠨ ᠲᠣᠭᠲᠠᠭᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃︵ᠵᠢᠷᠭᠤᠭ᠎ᠠ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠳᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔2. ᠪᠦᠬᠦ ᠰᠢᠶᠠᠨ ᠤ ᠠᠵᠤ ᠠᠬᠤᠶ ᠨᠡᠶᠢᠭᠡᠮ ᠬᠢᠭᠡᠳ ᠡᠬᠢ ᠪᠠᠶᠠᠯᠢᠭ ᠣᠷᠴᠢᠨ ᠠᠬᠤᠶ ᠶᠢᠨ ᠵᠣᠬᠢᠴᠠᠩᠭᠤᠶ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠶᠡᠷᠦᠩᠬᠡᠶᠢᠯᠡᠨ ᠵᠠᠳᠠᠯᠵᠤ᠂ ᠪᠦᠬᠦ ᠰᠢᠶᠠᠨ ᠤ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠶ ᠶᠢ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔3. ᠪᠦᠬᠦ ᠰᠢᠶᠠᠨ ᠤ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔4. ᠪᠥᠬᠦ ᠰᠢᠶᠠᠨ ᠤ ᠴᠢᠬᠤᠯᠠ ᠶᠡᠭᠡ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔5. ᠡᠬᠢ ᠪᠠᠶᠠᠯᠢᠭ ᠢ ᠠᠷᠪᠢᠯᠠᠬᠤ᠂ ᠶᠡᠷᠦᠩᠬᠡᠶᠢᠯᠡᠨ ᠠᠰᠢᠭᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠣᠷᠴᠢᠯ ᠠᠵᠤ ᠠᠬᠤᠶ ᠵᠡᠷᠭᠡ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠲᠤᠯᠤᠭ᠎ᠠ︶ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶ ᠶᠢᠨ ᠬᠠᠮᠵᠢᠯᠴᠠᠭᠠᠨ ᠤ ᠳᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄1. ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ ᠪᠠᠶᠢᠭᠤᠯᠣᠨ ᠵᠣᠬᠢᠴᠠᠭᠤᠯᠬᠤ ᠪᠠ ᠠᠵᠤ ᠠᠬᠤᠢ ᠶᠢᠨ ᠬᠠᠮᠵᠢᠯᠴᠠᠬᠤ ᠠᠵᠢᠯ ᠢ ᠬᠠᠷᠢᠭᠤᠴᠠᠨ᠎ᠠ︔2. ᠪᠦᠬᠦ ᠰᠢᠶᠠᠨ ᠤ ᠬᠤᠳᠠᠯᠳᠤᠭᠠᠴᠢᠨ ᠤᠷᠢᠬᠤ ᠵᠢᠴᠢ ᠠᠵᠤ ᠠᠬᠤᠶ ᠶᠢᠨ ᠬᠠᠮᠵᠢᠯᠴᠠᠭ᠎ᠠ ᠶᠢᠨ ᠵᠦᠢᠯᠡᠰ ᠢ ᠴᠤᠭᠯᠠᠭᠤᠯᠬᠤ᠂ ᠡᠮᠬᠢᠯᠡᠬᠦ᠂ ᠰᠢᠭᠰᠢᠨ ᠰᠣᠩᠭᠤᠬᠤ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ︔3. ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠪᠠ ᠭᠤᠤᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠬᠤ᠂ ᠵᠥᠪᠳᠡᠯᠴᠡᠬᠦ ᠪᠠ ᠵᠣᠬᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ︔4. ᠪᠦᠬᠦ ᠰᠢᠶᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠭ᠎ᠠ ᠪᠠᠷᠢᠮᠲᠠ ᠶᠢ ᠪᠦᠷᠢᠳᠬᠡᠬᠦ᠂ ᠵᠠᠳᠠᠯᠬᠤ ᠪᠠ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ︔ 5. ᠬᠤᠷᠢᠨᠭᠡᠷ ᠰᠢᠶᠠᠨ ᠳᠤ ᠡᠷᠬᠢᠯᠡᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠥᠷᠥᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ ᠢ ᠳᠠᠭᠠᠭᠠᠴᠢᠯᠠᠨ ᠡᠷᠬᠢᠯᠡᠬᠦ ᠶᠢ ᠬᠠᠷᠢᠭᠤᠴᠠᠨ᠎ᠠ︔6. ᠭᠠᠳᠠᠭᠠᠳᠤ ᠦᠢᠯᠡᠰ ᠤᠨ ᠪᠡᠯᠡ ᠣᠷᠣᠭᠤᠯᠤᠭᠴᠢᠳ ᠲᠤ ᠪᠠᠶᠢᠳᠠᠯ ᠢᠶᠠᠨ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠥᠭᠬᠦ᠂ ᠲᠥᠷᠥᠯ ᠵᠦᠢᠯ ᠲᠠᠨᠢᠯᠴᠠᠭᠤᠯᠬᠤ ᠵᠡᠷᠭᠡ ᠪᠦᠬᠦ ᠶᠠᠪᠤᠴᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔︵ᠨᠠᠢᠮᠠ︶ ᠦᠨ᠎ᠡ ᠬᠠᠩᠰᠢ ᠶᠢᠨ ᠬᠠᠮᠢᠶᠠᠷᠤᠯᠲᠠ ᠶᠢᠨ ᠳᠠᠰᠤᠭᠠᠵᠢᠯ ᠤᠨ ᠡᠭᠦᠷᠭᠡ ᠬᠠᠷᠢᠭᠤᠴᠠᠯᠭ᠎ᠠ᠄      ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠡᠯ᠎ᠡ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠷᠭ᠎ᠠ ᠬᠡᠮᠵᠢᠶ᠎ᠡ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠤᠨ ᠦᠨ᠎ᠡ ᠬᠠᠩᠰᠢ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠠᠷᠢᠭᠤᠴᠠᠨ ᠤᠬᠠᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠣᠭᠲᠠᠭᠠᠭᠰᠠᠨ ᠦᠨ᠎ᠡ ᠬᠠᠩᠰᠢ ᠶᠢ ᠬᠢᠨᠠᠨ ᠪᠠᠶᠢᠴᠠᠭᠠᠬᠤ ᠴᠢᠭᠯᠡᠯᠲᠡ᠂ ᠲᠥᠷᠥ ᠶᠢᠨ ᠪᠣᠳᠣᠯᠭ᠎ᠠ᠂ ᠡᠭᠦᠷᠭᠡ ᠪᠠ ᠠᠵᠢᠯ ᠤᠨ ᠲᠥᠯᠥᠪᠯᠡᠭᠡ ᠶᠢ ᠦᠨᠳᠦᠰᠦᠯᠡᠨ ᠪᠣᠳᠠᠲᠠᠶ ᠬᠡᠷᠡᠭᠵᠢᠭᠦᠯᠬᠦ ᠰᠠᠨᠠᠯ ᠳᠤᠷᠠᠳᠤᠨ᠎ᠠ︔︵ᠶᠢᠰᠦ︶ ᠦᠨ᠎ᠡ ᠬᠠᠩᠰᠢ ᠶᠢ ᠬᠢᠨᠠᠨ ᠪᠠᠶᠢᠴᠠᠭᠠᠬᠤ ᠭᠠᠵᠠᠷᠠᠵᠢᠯ ᠤᠨ ᠡᠭᠦᠷᠭᠡ ᠬᠠᠷᠢᠭᠤᠴᠠᠯᠭ᠎ᠠ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠶᠢ ᠦᠨᠳᠦᠰᠦᠯᠡᠨ᠂ ᠪᠥᠬᠦ ᠰᠢᠶᠠᠨ ᠤ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠢᠨᠠᠯᠲᠠ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠦᠨ᠎ᠡ ᠬᠠᠩᠰᠢ᠂ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠰ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠠᠷᠠᠳ ᠢᠷᠭᠡᠨ᠂ ᠬᠠᠤᠯᠢ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ᠂ ᠵᠠᠭᠠᠯᠳᠤᠬᠤ ᠶᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠨ᠂ ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠬᠡᠷᠡᠭ ᠢ ᠳᠠᠭᠠᠭᠠᠨ ᠰᠢᠢᠳᠪᠦᠷᠢᠯᠡᠵᠦ᠂ ᠲᠠᠸᠠᠷ᠂ ᠦᠢᠯᠡᠴᠢᠯᠡᠭᠡ ᠶᠢᠨ ᠦᠨ᠎ᠡ ᠬᠠᠩᠰᠢ ᠶᠢ ᠢᠯᠡ ᠬᠠᠳᠠᠬᠤ ᠶᠠᠪᠤᠳᠠᠯ ᠢ ᠵᠢᠷᠤᠮᠵᠢᠭᠤᠯᠬᠤ ᠬᠡᠷᠡᠭᠲᠡᠶ᠃ ︵ᠠᠷᠪᠠ︶ ᠴᠢᠬᠤᠯᠠ ᠶᠡᠭᠡ ᠲᠦᠷᠥᠯ ᠵᠦᠢᠯ ᠤᠨ ᠰᠡᠷᠭᠡᠶᠢᠯᠡᠨ ᠪᠠᠶᠢᠴᠠᠭᠠᠬᠤ ᠠᠯᠪᠠᠨ ᠭᠡᠷᠠᠵᠢᠯ ᠤᠨ ᠡᠭᠦᠷᠭᠡ ᠬᠠᠷᠢᠭᠤᠴᠠᠯᠭ᠎ᠠ᠄1. ᠴᠢᠬᠤᠯᠠ ᠶᠡᠭᠡ ᠪᠦᠳᠤᠭᠡᠨ ᠪᠠᠶᠢᠭᠤᠯᠤᠯᠲᠠ ᠶᠢᠨ ᠲᠦᠷᠥᠯ ᠵᠦᠢᠯ ᠢ ᠪᠠᠶᠢᠴᠠᠭᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠤᠯᠪᠣᠭᠳᠠᠯ ᠪᠦᠬᠦᠢ ᠠᠵᠢᠯ ᠲᠦᠷᠥᠯ ᠪᠠ ᠣᠷᠣᠨ ᠨᠤᠲᠤᠭ ᠤᠨ ᠤᠯᠤᠰ ᠤᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠣᠭᠤᠰᠢᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠨ᠎ᠠ︔2. ᠲᠥᠪ ᠤᠨ ᠡᠳ᠋ ᠤᠨ ᠵᠠᠰᠠᠭ ᠤᠨ ᠴᠢᠨᠠᠷᠲᠠᠶ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔3. ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠬᠠᠶ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠶ᠃︵ᠠᠷᠪᠠᠨ ᠨᠢᠭᠡ︶ ᠠᠮᠤ ᠪᠤᠳᠠᠭᠠᠨ ᠤ ᠬᠠᠮᠢᠶᠠᠷᠤᠯᠲᠠ ᠶᠢᠨ ᠠᠯᠪᠠᠨ ᠭᠡᠷ1. ᠰᠢᠶᠠᠨ ᠤ ᠱᠠᠲᠤᠨ ᠤ ᠠᠮᠤ ᠲᠣᠰᠣ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠶᠠᠨ ᠤ ᠱᠠᠲᠤᠨ ᠤ ᠠᠮᠤ ᠲᠣᠰᠣ ᠨᠥᠭᠡᠴᠡᠯᠡᠬᠦ ᠶᠢ ᠰᠢᠯᠵᠢᠭᠦᠯᠬᠦ ᠪᠠ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔2. ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠱᠠᠲᠤᠨ ᠤ ᠠᠮᠤ ᠪᠤᠳᠠᠭ᠎ᠠ ᠲᠤᠰᠤ ᠨᠥᠭᠡᠴᠡᠯᠡᠬᠦ ᠪᠠ ᠰᠢᠶᠠᠨ ᠤ ᠱᠠᠲᠤᠨ ᠤ ᠠᠮᠤ ᠪᠤᠳᠠᠭ᠎ᠠ ᠲᠤᠰᠤ ᠨᠥᠭᠡᠴᠡᠯᠡᠬᠦ ᠬᠡᠪᠴᠢᠶ᠎ᠡ᠂ ᠶᠡᠷᠦᠩᠬᠡᠶ ᠪᠠᠶᠢᠷᠢᠯᠠᠭᠤᠯᠣᠯᠲᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔3. ᠪᠦᠬᠦ ᠰᠢᠶᠠᠨ ᠤ ᠤᠯᠤᠰ ᠤᠨ ᠥᠮᠴᠢᠯᠡᠯ ᠤᠨ ᠠᠮᠤ ᠲᠣᠰᠣ ᠬᠤᠳᠠᠯᠳᠤᠨ ᠠᠪᠬᠤ ᠪᠣᠷᠣᠯᠠᠭᠤᠯᠬᠤ ᠠᠵᠤ ᠠᠬᠤᠶᠢᠯᠠᠯ ᠤᠨ ᠰᠠᠩ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔4. ᠪᠥᠬᠦ ᠰᠢᠶᠠᠨ ᠤ ᠠᠮᠤ ᠲᠣᠰᠣᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠪᠠᠶᠢᠷᠢᠰᠢᠭᠤᠯᠤᠯᠲᠠ ᠶᠢ ᠬᠠᠷᠢᠭᠤᠴᠠᠵᠤ᠂ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔5. ᠪᠦᠬᠦ ᠰᠢᠶᠠᠨ ᠤ ᠠᠮᠤ ᠪᠤᠳᠠᠭ᠎ᠠ ᠲᠤᠰᠤᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号