ᠮᠠᠨ ᠤ ᠬᠤᠲᠠ ︽ᠯᠧᠢ ᠹᠧᠩ ᠠᠴᠠ ᠲᠠᠭᠠᠨ ᠰᠤᠷᠤᠯᠴᠠᠵᠤ᠂ ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
     ( ᠰᠤᠷᠪᠤᠯᠵᠢᠯᠠᠭᠴᠢ ᠯᠢᠦᠢ ᠬᠤᠢ ᠱᠧᠩ᠂ ᠶᠠᠩ ᠼᠠᠢ ᠰᠢᠶᠠ᠂ ᠯᠢᠶᠠᠩ ᠵᠢᠩ ᠱᠤ᠋᠂ ᠯᠢ ᠬᠠᠢ ᠵᠧᠨ᠂ ᠦ᠋ ᠽᠢ ᠰᠢᠤᠸᠠᠨ᠂ ᠴᠢ ᠰᠢᠶᠣᠣ ᠶᠠᠨ᠂ ᠯᠢᠦ ᠯᠢ ᠰᠢᠶᠠ᠂ ᠯᠢᠦ ᠱᠠ ᠱᠠ᠂ ᠠᠷᠢᠭᠤᠨ᠎ᠠ᠂ ᠳᠠᠳᠤᠯᠭ᠎ᠠ   ᠶᠢᠨ ᠰᠤᠷᠪᠤᠯᠵᠢᠯᠠᠭᠴᠢ ᠷᠦᠸᠧ ᠬᠥ᠋᠂ ᠴᠢᠮᠡᠭᠡᠯᠡᠭᠴᠢ ᠯᠢ ᠵᠢᠶᠠᠨ ᠬᠤᠸᠠ᠂ ᠸᠠᠩ ᠵᠢᠶᠦ᠋ᠨ ) 3 ᠳ᠋ᠤᠭᠠᠷ ᠰᠠᠷ᠎ᠠ ᠶᠢᠨ 5 ᠤ ᠡᠳᠦᠷ ᠪᠣᠯ 61 ᠳ᠋ᠦ᠋ᠭᠡᠷ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠪᠣᠯᠣᠨ᠎ᠠ᠃ ᠲᠤᠬᠠᠢ ᠶᠢᠨ ᠡᠳᠦᠷ᠂ ᠮᠠᠨ ᠤ ᠬᠤᠲᠠ ᠶᠢᠨ ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠣᠯᠠᠨ ᠵᠦᠢᠯ ᠤᠨ ᠬᠡᠯᠪᠡᠷᠢ ᠪᠠᠷ ︽ᠯᠧᠢ ᠹᠧᠩ ᠠᠴᠠ ᠲᠠᠭᠠᠨ ᠰᠤᠷᠤᠯᠴᠠᠵᠤ · ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠠᠢ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠯᠧᠢ ᠹᠧᠩ ᠤᠨ ᠥᠯᠢᠭᠡᠷ ᠢ ᠠᠮᠢᠳᠤᠯᠢᠭ ᠢᠶᠠᠷ ᠰᠠᠶᠢᠬᠠᠨ ᠶᠠᠷᠢᠪᠠ᠃      ᠰᠢᠨ᠎ᠡ ᠬᠤᠲᠠ ᠲᠣᠭᠤᠷᠢᠭ ᠤᠨ ᠯᠢ ᠶᠤᠸᠠᠨ ᠬᠤᠷᠢᠶᠠᠯᠠᠯ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠯᠢ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠲᠠᠢ ᠬᠠᠮᠲᠤᠷᠠᠨ ︽ᠯᠧᠢ ᠹᠧᠩ ᠠᠴᠠ ᠲᠠᠭᠠᠨ ᠰᠤᠷᠤᠯᠴᠠᠵᠤ · ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠰᠡᠳᠬᠢᠴᠡ ᠶᠢᠨ ᠬᠠᠪᠰᠤᠷᠤᠨ ᠵᠢᠯᠤᠭᠤᠳᠬᠤ ᠪᠠᠭᠰᠢ ᠨᠠᠷ ᠲᠣᠭᠯᠠᠭᠠᠮ ᠬᠢᠬᠦ᠂ ᠵᠢᠷᠤᠭᠲᠤ ᠳᠡᠪᠲᠡᠷ ᠤᠩᠰᠢᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠠᠢ ᠮᠢᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠰ ᠤᠨ ᠬᠤᠭᠤᠷᠤᠨᠳᠤᠬᠢ ᠬᠠᠷᠢᠯᠴᠠᠭᠠᠨ ᠤ ᠨᠢᠭᠤᠴᠠ︱ ᠪᠠᠶᠢᠷᠢ ᠰᠣᠯᠢᠵᠤ ᠰᠡᠳᠭᠢᠬᠦ ᠶᠢ ᠢᠯᠡᠷᠡᠭᠦᠯᠵᠤ᠂ ᠰᠤᠷᠤᠭᠴᠢᠳ ᠲᠤ ︽ᠬᠤᠪᠢ ᠨᠡᠮᠡᠷᠢ ᠦᠵᠡᠭᠦᠯᠬᠦ᠂ ᠨᠠᠶᠢᠷᠰᠠᠭ᠂ ᠬᠠᠷᠢᠯᠴᠠᠨ ᠬᠠᠪᠰᠤᠷᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠪᠠ ᠡᠭᠦᠷᠭᠡᠯᠡᠯ ᠢ ᠬᠠᠷᠠᠭᠤᠯᠵᠠᠢ᠃ ᠠᠵᠢᠯᠴᠢᠨ ᠨᠡᠶᠢᠭᠡᠮ ᠲᠣᠭᠤᠷᠢᠭ ᠪᠠ ᠰᠢᠩ ᠾᠥᠸᠧ ᠭᠤᠳᠤᠮᠵᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠬᠤᠲᠠ ᠶᠢᠨ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠲᠠᠢ ᠬᠠᠮᠲᠤᠷᠠᠨ ᠨᠠᠷᠢᠯᠢᠭ ᠣᠨᠣᠴᠠᠲᠠᠢ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ︽ᠯᠧᠢ ᠹᠧᠩ ᠠᠴᠠ ᠲᠠᠭᠠᠨ ᠰᠤᠷᠤᠯᠴᠠᠵᠤ᠂ ᠪᠤᠰᠤᠳ ᠲᠤ ᠬᠤᠪᠢ ᠨᠡᠮᠡᠷᠢ ᠦᠵᠡᠭᠦᠯᠵᠦ᠂ ᠥᠪᠡᠷ ᠢ ᠪᠠᠨ ᠳᠡᠭᠡᠭᠰᠢᠯᠡᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮᠵᠢᠯᠠᠪᠠ᠃ ᠬᠥᠬᠡᠬᠤᠲᠠ ᠶᠢᠨ ᠴᠦᠨ ᠬᠤᠸᠠ ᠤᠰᠤᠨ ᠤ ᠶᠠᠪᠤᠳᠠᠯ ᠤᠨ ᠨᠡᠭᠡᠭᠡᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠥᠬᠦ ᠬᠤᠲᠠ ᠶᠢᠨ ᠡᠯ᠎ᠡ ᠱᠠᠲᠤᠨ ᠤ ᠪᠣᠯᠪᠠᠰᠤᠨ ᠨᠢᠭᠡᠴᠢ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠣᠯᠪᠠᠰᠤᠨ ᠦᠢᠯᠡᠳᠦᠯᠭᠡ ᠶᠢᠨ ᠵᠢᠭᠰᠠᠭᠠᠯ ᠤᠨ ᠭᠠᠵᠠᠷ ᠵᠡᠷᠭᠡ ᠳᠤ ︽ᠭᠡᠷ ᠣᠷᠣᠨ ᠢᠶᠠᠨ ᠴᠡᠪᠡᠷᠯᠡᠬᠦ︾ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠴᠠᠰᠤ ᠮᠥᠰᠥ ᠶᠢ ᠠᠷᠢᠯᠭᠠᠬᠤ᠂ ᠬᠤᠭ ᠨᠣᠪᠰᠢ ᠲᠡᠭᠦᠬᠦ᠂ ᠠᠰᠠᠷ ᠤᠨ ᠬᠤᠩᠭᠢᠯ ᠢ ᠴᠡᠪᠡᠷᠯᠡᠬᠦ᠂ ᠡᠯᠳᠡᠪ ᠪᠣᠳᠠᠰ ᠢ ᠲᠡᠭᠰᠢᠯᠡᠬᠦ ᠵᠡᠷᠭᠡ ᠪᠠᠷ ᠳᠠᠮᠵᠢᠭᠤᠯᠤᠨ ᠴᠡᠪᠡᠷ ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠤᠯᠭᠠᠪᠠ᠃ ᠬᠤᠲᠠ ᠶᠢᠨ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠪᠦᠯᠦᠭᠯᠡᠯ ᠤᠨ ᠰᠢᠲᠠᠮᠠᠬᠠᠢ ᠬᠡᠢ ᠶᠢᠨ ᠠᠳᠠᠯ ᠠᠬᠤᠢ ᠶᠢᠨ ᠺᠣᠮᠫᠠᠨᠢ ᠶᠢᠨ ᠨᠠᠮ ᠤᠨ ᠡᠭᠦᠷ ᠠᠴᠠ ᠰᠠᠶᠢᠬᠠᠨ ᠲᠣᠭᠤᠷᠢᠭ ᠤᠨ ᠥᠨᠢᠷ ᠨᠡᠶᠢᠭᠡᠮ ᠲᠣᠭᠤᠷᠢᠭ ᠵᠡᠷᠭᠡ ᠨᠢᠭᠡᠴᠢ ᠲᠠᠢ ᠬᠠᠮᠲᠤᠷᠠᠨ ᠵᠢᠨᠴᠧᠩ ᠲᠣᠭᠤᠷᠢᠭ ᠲᠤ ︽ᠯᠧᠢ ᠹᠧᠩ ᠠᠴᠠ ᠲᠠᠭᠠᠨ ᠰᠤᠷᠤᠯᠴᠠᠵᠤ᠂ ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠭᠢᠯᠡᠪᠡ᠃ ᠡᠯᠪᠡᠭ ᠪᠠᠶᠠᠯᠢᠭ ᠲᠠᠩᠰᠤᠭ ᠰᠠᠶᠢᠬᠠᠨ ᠠᠵᠢᠯᠯᠠᠭ᠎ᠠ ᠨᠢ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠭᠠᠵᠠᠢ᠃      ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠢ ᠭᠦᠨᠵᠡᠭᠡᠢ ᠡᠵᠡᠮᠰᠢᠬᠦ ᠶᠢᠨ ᠲᠥᠯᠥᠭᠡ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ︽ᠯᠧᠢ ᠹᠧᠩ ᠠᠴᠠ ᠲᠠᠭᠠᠨ ᠰᠤᠷᠤᠯᠴᠠᠵᠤ᠂ ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠥᠷᠨᠢᠭᠦᠯᠵᠦ᠂ ᠰᠢᠨ᠎ᠡ ᠬᠤᠳᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ ︽ᠪᠣᠯᠪᠠᠰᠤᠨ ᠤ ᠴᠤᠭᠯᠠᠭ᠎ᠠ ᠮᠠᠶᠢᠮᠠᠢ︾ ᠬᠤᠶᠢᠨ᠎ᠠ ᠬᠤᠶᠢᠨ᠎ᠠ ᠠᠴᠠ ᠪᠠᠨ ᠴᠤᠭᠯᠠᠷᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ᠂ ᠵᠠᠩ ᠳᠠᠳᠬᠠᠯ ᠢ ᠥᠭᠡᠷᠡᠴᠢᠯᠡᠬᠦ᠂ ︽ᠨᠢᠭᠡ ᠨᠠᠰᠤᠲᠠᠨ ᠨᠢᠭᠡ ᠨᠢᠯᠬ᠎ᠠ︾ ᠢ ᠬᠠᠯᠠᠮᠵᠢᠯᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ᠂ ᠶᠣᠰᠣ ᠰᠤᠷᠲᠠᠬᠤᠨ ᠤ ᠵᠢᠱᠢᠶᠡᠴᠢ ᠲᠣᠭᠤᠷᠢᠨ ᠬᠢᠴᠢᠶᠡᠯᠯᠡᠬᠦ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠳᠡᠮᠵᠢᠬᠦ ᠵᠡᠷᠭᠡ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠤᠯᠠᠨ ᠲᠦᠮᠡᠨ ᠤ ᠳᠡᠷᠭᠡᠳᠡ ᠬᠦᠷᠭᠡᠪᠡ᠃ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠷᠢᠨᠭᠡᠷ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠢ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠣᠰ ᠰᠢᠰᠲ᠋ᠧᠮ ᠤᠨ ᠠᠵᠢᠯᠯᠠᠭ᠎ᠠ ᠶᠢᠨ ᠲᠥᠷᠥᠯ ᠵᠦᠢᠯ ᠤᠨ ᠡᠬᠢ ᠪᠠᠶᠠᠯᠢᠭ ᠢ ᠠᠮᠢᠯᠠᠭᠤᠯᠬᠤ ᠪᠠ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠠᠯᠪᠠᠨ ᠵᠢᠷᠤᠮ ᠤᠨ ᠦᠰᠦ ᠵᠠᠰᠠᠬᠤ᠂ ᠠᠯᠪᠠᠨ ᠵᠢᠷᠤᠮ ᠤᠨ ᠣᠨᠣᠰᠢᠯᠠᠨ ᠡᠮᠨᠡᠬᠦ᠂ ᠴᠡᠪᠡᠷᠯᠡᠭᠡ ᠬᠢᠬᠦ᠂ ᠬᠤᠭ ᠨᠣᠪᠰᠢ ᠶᠢ ᠴᠡᠪᠡᠷᠯᠡᠬᠦ᠂ ᠬᠦᠴᠢᠷᠳᠡᠯᠲᠡᠢ ᠨᠠᠰᠤᠲᠠᠶᠢᠴᠤᠳ ᠢ ᠲᠣᠬᠤᠨᠢᠭᠤᠯᠬᠤ ᠵᠡᠷᠭᠡ ᠯᠧᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠪᠠᠷ ᠠᠭᠤᠰᠤᠯᠴᠠᠭᠤᠯᠤᠨ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠦᠢᠯᠡᠴᠢᠯᠡᠭᠡᠨ ᠤ ᠵᠢᠭᠰᠠᠭᠠᠯ ᠢ ᠪᠣᠶ ᠪᠣᠯᠭᠠᠵᠤ᠂ ᠪᠥᠬᠦ ᠠᠷᠠᠳ ᠤᠨ ᠦᠢᠯᠡᠳᠦᠯᠭᠡ ᠶᠢ ᠲᠦᠯᠬᠢᠨ ᠠᠬᠢᠭᠤᠯᠪᠡ᠃ ᠪᠥᠬᠦ ᠬᠤᠲᠠ ᠶᠢᠨ ᠡᠯ᠎ᠡ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠣᠯᠠᠨ ᠲᠦᠮᠡᠨ ᠤ ᠳᠡᠷᠭᠡᠳᠡᠬᠢ ᠡᠳᠦᠷ ᠲᠤᠲᠤᠮ ᠤᠨ ᠠᠮᠢᠳᠤᠷᠠᠯ ᠤᠨ ︽ᠪᠠᠭ᠎ᠠ ᠬᠡᠷᠡᠭᠴᠡᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ ᠬᠡᠷᠡᠭᠰᠡᠯ ᠵᠠᠰᠠᠬᠤ᠂ ᠦᠰᠦ ᠵᠠᠰᠠᠬᠤ᠂ ᠱᠦᠭᠦᠬᠦ ᠲᠣᠣᠷ ᠢ ᠴᠡᠪᠡᠷᠯᠡᠬᠦ ᠠᠴᠠ ᠠᠪᠤᠭᠠᠳ ᠨᠠᠰᠤᠲᠠᠶᠢᠴᠤᠳ ᠲᠤ ᠤᠶᠤᠨᠴᠢ ᠭᠠᠷ ᠤᠲᠠᠰᠤ ᠬᠡᠷᠡᠭᠯᠡᠬᠦ ᠶᠢ ᠵᠢᠭᠠᠵᠤ ᠥᠭᠭᠦᠭᠰᠡᠨ ᠬᠦᠷᠲᠡᠯ᠎ᠡ᠂ ᠣᠯᠠᠨ ᠲᠦᠮᠡᠨ ᠤ ᠡᠭᠦᠳᠡᠨ ᠳᠤ ᠳᠣᠲᠣᠨᠣ ᠦᠢᠯᠡᠴᠢᠯᠡᠭᠡ ᠬᠦᠷᠭᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ︽ᠠᠷᠠᠳ ᠲᠤ ᠲᠥᠬᠦᠮ ᠦᠵᠡᠭᠦᠯᠬᠦ ᠥᠷᠲᠡᠭᠡ︾ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠪᠣᠯᠭᠠᠨ ᠪᠠᠶᠢᠭᠤᠯᠤᠭᠰᠠᠨ ᠪᠠᠶᠢᠨ᠎ᠠ᠃      ᠡᠭᠦᠨ ᠤ ᠵᠡᠷᠭᠡ ᠳᠤ᠂ ᠮᠠᠨ ᠤ ᠬᠤᠲᠠ ᠪᠠᠰᠠ ᠰᠦᠯᠵᠢᠶᠡᠨ ᠳᠡᠭᠡᠷᠡᠬᠢ ︽ᠯᠧᠢ ᠹᠧᠩ ᠠᠴᠠ ᠲᠠᠭᠠᠨ ᠰᠤᠷᠤᠯᠴᠠᠵᠤ᠂ ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠪᠣᠯᠪᠠᠰᠤᠨ ᠤ ᠦᠢᠯᠡᠳᠦᠯᠭᠡ ᠳᠤ ᠤᠷᠤᠯᠴᠠᠶ᠎ᠠ︾ ︽ᠭᠡᠷᠡᠯ ᠢ ᠬᠠᠷᠠᠵᠤ᠂ ᠭᠡᠷᠡᠯ ᠪᠣᠯᠬᠤ︾ ᠭᠡᠬᠦ ᠮᠡᠲᠦ ᠶᠢᠨ ᠤᠬᠠᠭᠤᠯᠭ᠎ᠠ ᠶᠢᠨ ᠹᠢᠯᠢᠮ ᠢ ᠵᠣᠬᠢᠶᠠᠨ ᠪᠦᠲᠦᠭᠡᠵᠦ᠂ ᠥᠷᠭᠡᠨ ᠣᠯᠠᠨ ᠲᠦᠮᠡᠨ ᠤ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠤᠬᠠᠮᠰᠠᠷ   ᠠᠴᠠ ᠪᠠᠨ ᠪᠣᠯᠪᠠᠰᠤᠨ ᠤ ᠡᠯᠴᠢ ᠪᠣᠯᠬᠤ ᠶᠢ ᠬᠥᠲᠥᠯᠦᠨ ᠵᠢᠯᠣᠭᠤᠳᠪᠠ᠃      ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠪᠣᠯᠪᠠᠰᠤᠨ ᠤ ᠦᠢᠯᠡᠳᠦᠯᠭᠡ ᠶᠢᠨ ᠡᠭᠦᠯᠡᠨ ᠲᠠᠪᠴᠠᠩ ᠢ ᠲᠠᠰ ᠳᠡᠪᠰᠢᠭᠦᠯᠵᠦ᠂ ︽15 ᠮᠢᠨᠦ᠋ᠲ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠣᠭᠤᠷᠢᠭ︾ ᠤᠨ ᠡᠯᠧᠺᠲᠷᠣᠨ ᠭᠠᠵᠠᠷ ᠤᠨ ᠵᠢᠷᠤᠭ ᠢ ᠭᠠᠷᠭᠠᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠬᠦ ᠶᠢᠨ ᠬᠠᠮᠲᠤ ᠬᠤᠲᠠ ᠶᠢᠨ ᠲᠠᠰ ᠤᠨ ᠪᠣᠯᠪᠠᠰᠤᠨ ᠤ ᠦᠢᠯᠡᠳᠦᠯᠭᠡ ᠶᠢᠨ ᠡᠬᠢ ᠪᠠᠶᠠᠯᠢᠭ ᠤᠨ ᠲᠣᠳᠣᠷᠬᠠᠢ ᠬᠠᠭᠤᠳᠠᠰᠤ᠂ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂ ᠬᠤᠲᠠ ᠶᠢᠨ ᠲᠠᠰ ᠤᠨ ᠡᠯ᠎ᠡ ᠲᠥᠷᠥᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ᠂ ᠡᠮᠬᠢ ᠵᠢᠷᠤᠮ ᠲᠠᠢ ᠪᠠᠷ ᠳᠣᠷᠣᠭᠰᠢ ᠪᠠᠭᠤᠯᠭᠠᠬᠤ᠂ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠲᠦᠯᠬᠢᠨ ᠠᠬᠢᠭᠤᠯᠵᠤ᠂ ᠪᠣᠯᠪᠠᠰᠤᠨ ᠤ ᠦᠢᠯᠡᠳᠦᠯᠭᠡ ᠶᠢᠨ ︽ᠬᠤᠣᠰ ᠴᠢᠭᠯᠡᠯ ᠢᠶᠠᠷ ᠤᠷᠤᠭᠰᠢᠯᠠᠬᠤ︾ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号