ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ ᠪᠣᠳᠠᠲᠠᠢ ᠠᠵᠢᠯᠯᠠᠬᠤ ᠶᠢ ᠱᠠᠯᠠᠪᠳᠠᠭᠤᠯᠤᠨ ᠱᠠᠭᠠᠷᠳᠠᠨ᠎ᠠ — ᠰᠢᠨ᠎ᠡ ᠳᠡᠯᠭᠡᠭᠦᠷ ᠪᠠᠯᠭᠠᠰᠤ 2024 ᠣᠨ ᠤ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠦᠨ ᠤ ᠦᠷᠭᠦᠯᠵᠢᠯᠡᠨ ᠦᠯᠢᠭᠡᠷ ᠳᠠᠭᠤᠷᠢᠶᠠᠯ ᠪᠣᠯᠬᠤ ᠪᠠ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠠᠮᠲᠤ ᠨᠡᠶᠢᠲᠡ ᠶᠢᠨ ᠲᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠲᠤᠨ ᠤ ᠬᠢᠨ ᠤ ᠠᠵᠠ ᠲᠣᠬᠢᠶᠠᠯ ᠢ ᠠᠮᠵᠢᠨ᠂ ᠬᠦᠴᠢᠷ ᠢ ᠰᠦᠷᠦᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠬᠤ ᠶᠢ ᠰᠢᠪᠠᠳᠠᠨ ᠱᠠᠭᠠᠷᠳᠠᠵᠤ᠂ ᠪᠦᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠶᠢᠨ ᠲᠤᠰᠠᠳᠠ᠂ 3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠳᠡᠯᠭᠡᠭᠦᠷ ᠪᠠᠯᠭᠠᠰᠤ 2024 ᠣᠨ ᠤ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠵᠢᠯ ᠤᠨ ᠬᠤᠷᠠᠯ ᠬᠤᠷᠠᠯᠳᠤᠭᠤᠯᠪᠠ᠃
     ᠬᠤᠷᠠᠯ ᠳᠡᠭᠡᠷ᠎ᠡ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠠᠴᠠ ᠲᠣᠰᠪᠣᠷᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ 15 ᠲᠡᠷᠢᠭᠦᠨ ᠤ ᠬᠤᠪᠢ ᠬᠥᠮᠦᠨ᠂ 6 ᠬᠤᠪᠢ ᠬᠥᠮᠦᠨ ᠠᠮᠠ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠲᠡᠷᠢᠭᠦᠨ ᠤ ᠬᠠᠮᠲᠤ᠂ 5 ᠲᠠᠩᠰᠠ ᠡᠪᠬᠡᠮᠡᠯ ᠤᠨ ᠠᠵᠢᠯ ᠤᠨ ᠲᠡᠷᠢᠭᠦᠨ ᠤ ᠬᠠᠮᠲᠤ᠂ 2 ᠠᠵᠤ ᠦᠢᠯᠡᠰ ᠤᠨ ᠬᠥᠭᠵᠢᠯᠲᠡ ᠶᠢᠨ ᠲᠣᠪᠤᠶᠢᠮ᠎ᠠ ᠬᠠᠮᠲᠤ᠂ 3 ᠠᠵᠤ ᠦᠢᠯᠡᠰ ᠤᠨ ᠬᠥᠭᠵᠢᠯᠲᠡ ᠳᠠᠪᠰᠢᠯᠲᠠ ᠶᠢᠨ ᠬᠠᠮᠲᠤ ᠵᠢᠴᠢ 3 ︽ᠬᠠᠮᠤᠭ ᠤᠨ ᠭᠤᠶᠣ ᠬᠡᠷ ᠪᠦᠯᠢ︾ ᠳᠤ ᠱᠠᠩᠨᠠᠯ ᠭᠠᠷᠳᠠᠭᠤᠯᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠦᠨ ᠪᠠ ᠬᠠᠮᠲᠤ ᠨᠡᠶᠢᠲᠡ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠵᠤ᠂ ᠨᠡᠩ ᠥᠨᠳᠥᠷ ᠬᠠᠷᠠᠯᠲᠠ ᠪᠠ ᠬᠥᠭᠡᠭᠡᠴᠡᠯᠳᠦᠯ ᠢ ᠪᠤᠢ ᠪᠣᠯᠭᠠᠵᠤ᠂ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠲᠠᠢ ᠪᠤᠯᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠠᠷᠢᠭᠤᠴᠠᠯᠭᠠᠲᠠᠨ ᠲᠠᠢ 2024 ᠣᠨ ᠤ ᠭᠠᠯ ᠰᠡᠷᠭᠡᠶᠢᠯᠡᠬᠦ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠤᠬᠠᠮᠰᠠᠷ ᠠᠴᠠ ᠪᠠᠨ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠨᠠᠮ ᠤᠨ ᠠᠴᠢ ᠲᠤᠰᠠ ᠶᠢ ᠮᠡᠳᠡᠷᠡᠵᠦ᠂ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠷᠡᠰ ᠲᠠᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠤᠶᠤᠨ ᠤᠬᠠᠭᠠᠨ ᠢᠶᠠᠨ ᠡᠷᠭᠦᠵᠦ᠂ ᠪᠦᠬᠦ ᠪᠠᠯᠭᠠᠰᠤᠨ ᠤ ᠡᠯ᠎ᠡ ᠵᠦᠢᠯ ᠤᠨ ᠦᠢᠯᠡᠰ ᠤᠨ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠠᠮᠵᠢᠯᠲᠠ ᠪᠦᠲᠦᠮᠵᠢ ᠤᠯᠬᠤ ᠶᠢᠨ ᠲᠥᠯᠥᠭᠡ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号