ᠬᠤᠷᠢᠨᠭᠡᠷ ᠰᠢᠶᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/1
     ᠬᠤᠲᠠ ᠰᠢᠶᠠᠨ ᠬᠤᠶᠠᠷ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠣᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠤᠬᠠᠮᠰᠠᠷ ᠢ ᠪᠦᠲᠦᠮᠵᠢᠲᠡᠶ ᠴᠢᠩᠭᠠᠳᠬᠠᠬᠤ ᠶᠢᠨ ᠲᠤᠰᠠᠳᠠ᠂ 3 ᠰᠠᠷ᠎ᠠ ᠶᠢᠨ 29 ᠤ ᠡᠳᠦᠷ ᠠᠴᠠ ᠡᠬᠢᠯᠡᠨ᠂ ᠰᠢᠶᠠᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠢᠶᠠᠨ ᠤ ᠤᠯᠠᠭᠠᠨᠮᠥ᠋ᠴᠢᠷ ᠲᠠᠢ ᠬᠠᠮᠲᠤᠷᠠᠯᠴᠠᠵᠤ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠳᠤ ᠬᠡᠪᠴᠢᠶ᠎ᠡ ᠪᠠᠷ ᠨᠡᠯᠢᠶᠡᠳ ᠶᠡᠭᠡ᠂ ᠬᠡᠯᠪᠡᠷᠢ ᠮᠠᠶ᠋ᠢᠭ ᠢᠶᠠᠷ ᠰᠢᠨ᠎ᠡ ᠮᠠᠶ᠋ᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ ᠵᠢᠴᠢ ᠬᠡᠰᠡᠭ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠡᠯᠪᠡᠭ ᠳᠡᠯᠪᠡᠭ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃      ᠶᠡᠭᠡ ᠤᠯᠠᠭᠠᠨᠬᠤᠲᠠ ᠰᠢᠶᠠᠩ᠂ ᠶᠠᠩ ᠴᠢᠶᠦ᠋ᠨ ᠭᠸᠤ ᠰᠢᠶᠠᠩ᠂ ᠰᠢᠨ᠎ᠡ ᠳᠡᠯᠭᠡᠭᠦᠷ ᠪᠠᠯᠭᠠᠰᠤᠨ ᠳᠤ ᠤᠬᠠᠭᠤᠯᠭ᠎ᠠ ᠬᠢᠬᠦ ᠶᠠᠪᠤᠴᠠ ᠳᠤ᠂ ᠠᠵᠢᠯᠲᠠᠳ ᠣᠯᠠᠨ ᠲᠦᠮᠡᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠤᠬᠠᠭᠤᠯᠭ᠎ᠠ ᠶᠢᠨ ᠭᠠᠷ ᠠᠪᠤᠯᠭ᠎ᠠ︾᠂ ᠰᠠᠨᠠᠭᠠᠴᠢᠯᠠᠭ᠎ᠠ ᠶᠢᠨ ᠪᠢᠴᠢᠭ᠂ ᠭᠠᠷ ᠤᠭᠤᠲᠠ᠂ ᠮᠡᠳᠡᠭᠡᠯᠡᠯ ᠤᠨ ᠲᠡᠮᠳᠡᠭᠯᠡᠯ ᠵᠡᠷᠭᠡ ᠤᠬᠠᠭᠤᠯᠭ᠎ᠠ ᠶᠢᠨ ᠬᠡᠷᠡᠭᠰᠡᠯ ᠢ ᠲᠦᠭᠡᠭᠡᠵᠦ᠂ ᠡᠭᠦᠨ ᠤ ᠬᠠᠮᠲᠤ ᠬᠠᠩᠰᠢ ᠶᠢᠨ ᠡᠳᠦᠷ ᠵᠢᠴᠢ ᠬᠠᠪᠤᠷ ᠤᠨ ᠲᠠᠷᠢᠶᠠᠯᠠᠭ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰᠬᠤᠨ ᠤ ᠠᠷᠠᠳ ᠲᠤ ᠡᠰᠢ ᠰᠦᠷᠡᠯ ᠰᠢᠲᠠᠭᠠᠬᠤ ᠶᠢ ᠴᠢᠩᠭ᠎ᠠ ᠴᠠᠭᠠᠵᠠᠯᠠᠬᠤ ᠶᠢ ᠰᠠᠨᠠᠭᠤᠯᠵᠤ᠂ ᠥᠷᠭᠡᠨ ᠤᠯᠠᠨ ᠲᠦᠮᠡᠨ ᠤ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠲᠣᠭᠲᠠᠭᠠᠯ ᠢ ᠵᠢᠷᠣᠮᠯᠠᠨ ᠭᠠᠯ ᠬᠡᠷᠡᠭᠯᠡᠬᠦ ᠦᠭᠡᠢ ᠪᠠᠶᠢᠵᠤ᠂ ᠠᠭᠤᠯᠠᠨ ᠤᠷᠤᠢ ᠳᠤ᠂ ᠣᠶᠢᠲᠤ ᠭᠠᠵᠠᠷ᠂ ᠪᠤᠯᠠᠰᠢᠨ ᠭᠠᠵᠠᠷ ᠲᠤ ᠬᠦᠵᠢ ᠠᠰᠠᠭᠠᠵᠤ ᠴᠠᠭᠠᠰᠤ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠤᠬᠠᠭᠤᠯᠤᠭᠰᠠᠨ ᠪᠠᠶᠢᠨ᠎ᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠤᠯᠠᠭᠠᠨᠮᠥ᠋ᠴᠢᠷ ᠤᠨ ᠠᠵᠢᠯᠲᠠᠳ ᠠᠷᠠᠳ ᠲᠤ ᠠᠰᠢᠭ ᠬᠦᠷᠲᠡᠭᠡᠬᠦ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠵᠢᠴᠢ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠱᠠᠩᠨᠠᠯ ᠲᠠᠢ ᠥᠷᠢᠰᠥᠯᠳᠦᠨ ᠬᠠᠷᠢᠭᠤᠯᠬᠤ ᠶᠢ ᠥᠷᠨᠢᠭᠦᠯᠵᠦ᠂ ᠤᠯᠠᠨ ᠲᠦᠮᠡᠨ ᠢ ᠠᠰᠠᠭᠤᠯᠲᠠ ᠬᠠᠷᠢᠭᠤᠯᠲᠠ ᠳᠤ ᠣᠷᠣᠯᠴᠠᠭᠤᠯᠬᠤ ᠶᠢᠨ ᠬᠠᠮᠲᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠶᠢ ᠠᠬᠢᠭᠤᠯᠵᠤ᠂ ᠥᠷᠭᠡᠨ ᠤᠯᠠᠨ ᠲᠦᠮᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠮᠰᠠᠷ ᠪᠣᠯᠤᠨ ᠠᠮᠢ ᠠᠬᠤᠢ ᠶᠢᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠡᠢ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠦᠷᠭᠦᠯᠵᠢᠯᠡᠨ ᠰᠢᠶᠠᠩ ᠪᠠᠯᠭᠠᠰᠤ ᠪᠠᠷ ᠵᠢᠭᠰᠠᠭᠠᠯ ᠤᠨ ᠭᠠᠵᠠᠷ ᠪᠣᠯᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠰᠣᠶᠣᠯ ᠤᠨ ᠬᠠᠮᠲᠤᠷᠠᠭᠰᠠᠨ ᠲᠣᠭᠯᠠᠯᠲᠠ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠲᠦᠮᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢᠨ ᠵᠠᠪᠠᠯ ᠬᠡᠷᠡᠭᠵᠢᠭᠦᠯᠬᠦ ᠴᠢᠨᠠᠷ᠂ ᠴᠢᠬᠤᠯᠠ ᠴᠢᠨᠠᠷ᠂ ᠲᠤᠯᠭᠠᠮ᠎ᠠ ᠴᠢᠨᠠᠷ ᠢ ᠦᠨᠡᠨᠬᠦ ᠲᠠᠨᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠣᠶᠤᠨ ᠰᠠᠨᠠᠭᠠᠨ ᠳᠤᠨᠢ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠰᠢᠶᠠᠩ ᠪᠠᠯᠭᠠᠰᠤ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠥᠨᠵᠢᠭᠦᠯᠦᠭᠰᠡᠨ ᠣᠷᠣᠨ ᠤ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠭᠠᠯ ᠤᠨ ᠭᠠᠮᠰᠢᠭ ᠤᠨ ᠬᠡᠷᠡᠭ ᠭᠠᠷᠭᠠᠭᠰᠠᠳ ᠢ ᠬᠠᠤᠯᠢ ᠶᠣᠰᠣᠭᠠᠷ ᠴᠢᠩᠭ᠎ᠠ ᠰᠢᠳᠬᠡᠵᠦ᠂ ︽ᠭᠤᠷᠪᠠᠨ ᠤᠮᠠᠷᠠᠲᠤ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠪᠠᠲᠤᠯᠠᠭ᠎ᠠ ᠬᠠᠩᠭᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号