ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤ ᠣᠷᠣᠰᠢᠭᠤᠯᠭ᠎ᠠ ᠶᠢᠨ ᠠᠵᠢᠯ ᠲᠥᠷᠥᠯ ᠤᠨ ᠦᠨ᠎ᠡ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/4/10
     ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠭᠡᠷᠡᠴᠢᠯᠡᠯ ᠤᠨ ᠬᠢᠨᠠᠨ ᠬᠡᠮᠵᠢᠬᠦ ᠲᠥᠪ ᠠᠴᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠣᠷᠣᠰᠢᠭᠤᠯᠭ᠎ᠠ ᠶᠢᠨ ᠭᠠᠵᠠᠷ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ︵ᠪᠤᠩᠬᠤᠨ ᠤ ᠭᠠᠵᠠᠷ︶᠂ ᠣᠷᠣᠰᠢᠭᠤᠯᠭ᠎ᠠ ᠶᠢᠨ ᠬᠡᠷᠡᠭᠰᠡᠯ ᠤᠨ ᠡᠵᠡᠩᠨᠡᠯᠲᠡ ᠶᠢᠨ ᠭᠠᠵᠠᠷ ᠵᠡᠷᠭᠡ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠠᠰᠠᠭᠤᠳᠠᠯ ᠳᠤ ᠲᠤᠰᠬᠠᠶ ᠪᠠᠶᠢᠴᠠᠭᠠᠯᠲᠠ ᠬᠢᠵᠦ᠂ ᠣᠷᠣᠰᠢᠭᠤᠯᠭ᠎ᠠ ᠶᠢᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠡᠵᠡᠩᠨᠡᠭᠴᠢ ᠶᠢ ᠰᠢᠮᠳᠠᠭᠤᠯᠣᠨ ᠲᠣᠭᠲᠠᠭᠠᠯ ᠳᠤ ᠨᠡᠶᠢᠴᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠳᠤᠮᠳᠠᠬᠢ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠯᠲᠠ ᠶᠢᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠪᠠᠲᠤᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号