ᠬᠤᠷᠢᠨᠭᠡᠷ ᠰᠢᠶᠠᠨ ᠤ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/12
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠠᠩᠬᠠᠷᠬᠤ ᠪᠥᠭᠡᠳ 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠥᠬᠦ ᠰᠢᠶᠠᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠳᠠᠭᠠᠭᠤᠯᠤᠨ ︽ᠰᠠᠭᠤᠷᠢ ᠮᠥᠩᠭᠦ ᠶᠢ ᠬᠢᠨᠠᠨ ᠬᠠᠮᠢᠶᠠᠷᠬᠤ ᠪᠠ ᠣᠯᠠᠨ ᠲᠦᠮᠡᠨ ᠤ ︿ᠠᠮᠢ ᠠᠪᠤᠷᠬᠠᠤ ᠵᠣᠭᠤᠰ﹀ ᠢ ᠰᠠᠶᠢᠲᠤᠷ ᠰᠠᠬᠢᠬᠤ ᠳᠤ ᠣᠷᠣᠯᠴᠠᠬᠤ︾ ᠪᠠᠷ ᠭᠤᠤᠯ ᠰᠡᠳᠦᠪ ᠪᠣᠯᠭᠠᠭᠰᠠᠨ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ︔ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠪᠠ ᠲᠠᠷᠠᠭᠠᠴᠢ ᠶᠢᠨ ᠠᠯᠬᠤᠮ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤᠷᠠᠳᠪᠠ᠃ ᠡᠭᠦᠨ ᠤ ᠬᠠᠮᠲᠤ ᠨᠡᠶᠢᠭᠡᠮ ᠤᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠤᠷᠢᠨᠭᠡᠷ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠤᠷᠢᠨ ᠬᠡᠷᠡᠭᠯᠡᠬᠦ ᠦᠨᠡᠮᠯᠡᠯ ᠣᠯᠭᠤᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠵᠦ᠂ ᠲᠤᠬᠠᠶ ᠶᠢᠨ ᠲᠠᠯᠠᠪᠤᠷ ᠲᠤ ᠪᠠᠰᠠ ᠠᠰᠠᠭᠤᠨ ᠯᠠᠪᠯᠠᠬᠤ ᠲᠠᠪᠴᠠᠩ ᠭᠠᠷᠭᠠᠵᠤ᠂ ᠲᠤᠰᠬᠠᠶ ᠮᠡᠷᠭᠡᠵᠢᠯ ᠤᠨ ᠬᠥᠮᠦᠰ ᠠᠴᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠠᠩᠭᠠᠵᠤ᠂ ᠰᠠᠭᠤᠭᠠᠯᠢ ᠠᠷᠠᠳ ᠲᠠᠩᠰᠠ ᠲᠠᠶᠢᠯᠬᠤ᠂ ᠳᠠᠭᠠᠳᠬᠠᠯ ᠳᠤ ᠣᠷᠣᠯᠴᠠᠬᠤ᠂ ᠡᠮ ᠡᠮᠨᠡᠯᠭᠡ ᠶᠢᠨ ᠵᠠᠷᠤᠳᠠᠯ ᠵᠡᠷᠭᠡ ᠬᠤᠯᠪᠣᠭᠳᠠᠯ ᠪᠥᠬᠦᠶ ᠠᠰᠠᠭᠤᠳᠠᠯ ᠢ ᠠᠰᠠᠭᠤᠨ ᠯᠠᠪᠯᠠᠬᠤ ᠶᠢᠨ ᠬᠠᠮᠲᠤ ᠲᠤᠰᠬᠠᠶ ᠮᠡᠷᠭᠡᠵᠢᠯ ᠤᠨ ᠬᠠᠷᠢᠭᠤᠯᠲᠠ ᠣᠯᠵᠤ ᠪᠣᠯᠤᠨ᠎ᠠ᠃      ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠣᠬᠢᠰᠲᠠᠢ ᠬᠡᠷᠡᠭᠯᠡᠬᠦ ᠶᠢ ᠬᠦᠳᠦᠯᠦᠨ ᠵᠢᠯᠣᠭᠤᠳᠴᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠠ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠥᠷᠭᠡᠨ ᠤᠯᠠᠨ ᠠᠷᠠᠳ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠢ ᠰᠠᠶᠢᠲᠤᠷ ᠬᠠᠮᠠᠭᠠᠯᠠᠵᠤ᠂ ᠪᠦᠬᠦ ᠰᠢᠶᠠᠨ ᠤ ᠡᠮ ᠡᠮᠨᠡᠯᠭᠡ ᠶᠢᠨ ᠪᠠᠲᠤᠯᠠᠪᠤᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠶᠢᠪᠠᠰᠤ ᠵᠣᠬᠢᠬᠤ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠵᠢᠯᠣᠭᠤᠳᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号