ᠬᠤᠷᠢᠨᠭᠡᠷ ᠰᠢᠶᠠᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠢᠨᠭᠡᠷ ᠰᠢᠶᠠᠨ ᠤ ᠳᠡᠳ᠋ ᠳᠠᠷᠤᠭ᠎ᠠ ᠪᠠᠶ ᠬᠤᠤ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠪᠠᠶ ᠬᠤᠤ ᠴᠢᠬᠤᠯᠠᠴᠢᠯᠠᠭᠰᠠᠨ ᠨᠢ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠲᠣᠭᠲᠠᠴᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ︽ᠬᠠᠷᠢᠭᠤᠴᠠᠯᠭ᠎ᠠ ᠶᠢᠨ ᠨᠠᠷᠢᠨ ᠲᠠᠩᠰᠠ︾ ︽ᠡᠭᠦᠷᠭᠡ ᠶᠢᠨ ᠨᠠᠷᠢᠨ ᠲᠠᠩᠰᠠ︾ ᠲᠠᠢ ᠬᠠᠷᠢᠴᠠᠭᠤᠯᠤᠨ ᠤᠯᠠᠷᠢᠯ ᠪᠦᠷᠢ ᠳᠤ ᠬᠢᠨᠠᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ ᠪᠠᠲᠤ ᠰᠠᠬᠢᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠶ ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠨᠢ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠪᠣᠳᠠᠲᠠᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠪᠣᠳᠠᠲᠠᠶ ᠶᠢ ᠡᠷᠬᠢᠮᠯᠡᠭᠰᠡᠨ ᠥᠨᠳᠥᠷ ᠦᠷ᠎ᠡ ᠪᠦᠲᠦᠮᠵᠢᠲᠡᠶ ᠰᠤᠷᠲᠠᠯ ᠢᠶᠠᠷ ᠯᠠᠪᠳᠠᠭᠤᠨ ᠪᠠᠲᠤᠲᠠᠶ ᠨᠠᠷᠢᠨ ᠨᠢᠮᠪᠠᠶ ᠠᠵᠢᠯᠯᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃      ᠬᠤᠷᠠᠯ ᠳᠡᠭᠡᠷ᠎ᠡ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠲᠣᠭᠲᠠᠴᠠ ᠶᠢᠨ ᠲᠤᠬᠠᠶ ᠲᠠᠶᠢᠯᠤᠮᠵᠢ ᠬᠢᠪᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠬᠢᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠨ ᠶᠠᠷᠢᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号