4 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠰᠢᠶᠠᠨ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠵᠢᠴᠢ ᠦᠨᠳᠦᠰᠦᠲᠡᠨ ᠱᠠᠰᠢᠨ | ᠰᠤᠷᠲᠠᠬᠤᠨ ᠤ ᠺᠠᠳ᠋ᠷ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠡᠯ᠎ᠡ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠬᠡᠷ︶᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠵᠠᠰᠠᠭ ᠵᠠᠬᠢᠷᠭᠠᠨ ᠤ | ᠲᠣᠰᠬᠤᠨ ︵ᠨᠡᠶᠢᠭᠡᠮ ᠲᠣᠭᠤᠷᠢᠭ︶ ᠤ 230 ᠬᠥᠮᠦᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠶ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠢ | ᠤᠷᠢᠵᠤ ᠪᠣᠯᠪᠠᠰᠤᠷᠠᠭᠤᠯᠤᠯ ᠨᠢ ᠶᠠᠭᠤ ᠶᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠭᠡᠬᠦ᠂ | ᠶᠠᠭᠤᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ᠂ ︽ᠰᠢᠨ᠎ᠡ | ︾ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ ᠪᠠᠷ ᠨᠡᠩ ᠰᠢᠯᠢᠳᠡᠭ ᠢ ᠡᠭᠦᠳᠦᠨ ᠪᠠᠶᠢᠭᠤᠯᠬᠤ ᠶᠢ ᠬᠥᠲᠥᠯᠥᠨ | ᠳᠠᠭᠠᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠲᠠ ᠪᠠ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ | ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ ᠲᠡᠭᠦᠯᠳᠡᠷ᠂ ᠬᠢᠴᠢᠶᠡᠯᠯᠡᠬᠦ ᠠᠷᠭ᠎ᠠ ᠨᠢ ᠠᠮᠢᠳᠤ ᠴᠣᠪᠣᠭᠤᠯᠢᠭ᠂ | ᠬᠢᠯᠪᠠᠷ ᠣᠶᠢᠯᠠᠭᠠᠮᠵᠢᠲᠠᠶ ᠪᠠᠶᠢᠵᠤ᠂ ᠨᠡᠯᠢᠶᠡᠳ ᠴᠢᠩᠭ᠎ᠠ ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠲᠠᠢ | ᠪᠠᠶᠢᠳᠠᠭ᠃ | ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ | ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠪᠥᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠪᠡ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |