| | | ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ | ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠦᠨ ᠰᠢᠶᠠᠩ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ | ᠲᠥᠷᠥ ᠶᠢᠨ ᠭᠡᠰᠢᠭᠦᠨ ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠳᠡᠳ᠋ ᠳᠠᠷᠤᠭ᠎ᠠ ᠸᠠᠩ | ᠬᠦᠶ ᠹᠠᠩ | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠰᠢᠨᠵᠢᠯᠡᠬᠦ ᠤᠬᠠᠭᠠᠨᠴᠢ ᠪᠠᠷ ᠬᠠᠤᠯᠢ | ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ | ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ | ᠠᠵᠢᠯ ᠤᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ︾ ᠭᠡᠵᠦ ᠴᠢᠬᠤᠯᠠᠴᠢᠯᠠᠪᠠ᠃ | ᠣᠶᠢᠷ᠎ᠠ ᠶᠢᠨ ᠵᠢᠯ ᠤᠳ ᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠷᠣᠨ ᠤ | ᠲᠥᠪ ᠤᠨ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠨᠢ ᠶᠠᠭᠤ | ᠪᠣᠯᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠭᠦᠢ ᠹᠠᠩ᠄ | ᠲᠥᠬᠦᠮ ᠢᠶᠠᠷ ᠬᠡᠯᠡᠪᠡᠯ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ | ᠬᠠᠷᠠᠯᠲᠠ ᠪᠣᠯ ᠳᠠᠷᠤᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠥᠬᠦ | ᠲᠠᠯ᠎ᠠ ᠪᠠᠷ ᠬᠠᠤᠯᠢ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ | ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠡᠷᠬᠡ | ᠰᠦᠷᠲᠦ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ | ᠬᠥᠲᠥᠯᠥᠭᠴᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠬᠥᠬᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠨᠡ ᠬᠦ ᠬᠠᠷᠠᠯᠲᠠ ᠳᠤ ᠬᠦᠷᠬᠦ ᠪᠤᠢ︖ | ᠸᠠᠩ ᠭᠦᠢ ᠹᠠᠩ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠣᠯᠠᠨ ᠵᠦᠢᠯ ᠤᠨ ᠠᠷᠭ᠎ᠠ ᠬᠡᠮᠵᠢᠶ᠎ᠡ ᠠᠪᠤᠪᠠ᠃ ᠡᠭᠦᠨ ᠳᠤ ᠭᠤᠣᠯᠳᠠᠭᠤ᠄ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠂ ᠠᠷᠠᠳ ᠤᠨ | ᠴᠠᠭᠳᠠᠭ᠎ᠠ ᠶᠢᠨ ᠴᠢᠳᠠᠪᠤᠷᠢ ᠬᠡᠪ ᠪᠣᠯᠪᠠᠰᠤᠷᠠᠯ ᠢ ᠴᠢᠩᠭᠠᠳᠬᠠᠪᠠ᠂ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠪᠡ᠂ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢᠶᠠᠷ ᠬᠠᠮᠢᠶᠠᠷᠪᠠ᠃ | | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠳᠣᠬᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠳᠤ ᠶᠠᠭᠤ ᠶᠠᠭᠤ ᠪᠠᠭᠲᠠᠵᠤ ᠪᠠᠶᠢᠨ᠎ᠠ︖ | ᠶᠦᠨ ᠰᠢᠶᠠᠩ᠄ | ᠨᠢᠭᠡ ᠳᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ | ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠥᠮᠥᠵᠢᠯ ᠪᠣᠯᠪᠠᠰᠤᠷᠠᠭᠤᠯᠤᠯ ᠢᠶᠠᠷ | ᠳᠠᠮᠵᠢᠭᠤᠯᠤᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠬᠠᠤᠯᠢ ᠴᠠᠭᠠᠵᠠ ᠶᠢᠨ | ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠨᠡᠩ ᠣᠨᠣᠪᠴᠢᠲᠠᠶ ᠪᠠᠷ ᠣᠶᠢᠯᠠᠭᠠᠬᠤ ᠪᠠ | ᠬᠡᠷᠡᠭᠵᠢᠭᠦᠯᠬᠦ ᠶᠢᠨ ᠤᠯᠠᠮ ᠠᠴᠠ ᠬᠠᠤᠯᠢ ᠬᠡᠷᠡᠭᠵᠢᠭᠦᠯᠬᠦ ᠶᠢᠨ ᠲᠤᠰᠬᠠᠢ ᠮᠡᠷᠭᠡᠵᠢᠯ ᠪᠠ ᠵᠢᠷᠤᠮᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠪᠡ︔ ᠬᠤᠶᠠᠷ ᠲᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ | ᠲᠥᠪ ᠤᠨ ᠪᠠᠶᠢᠭᠤᠯᠤᠯᠲᠠ ᠶᠢ ᠴᠢᠩᠭᠠᠳᠬᠠᠪᠠ᠃ ᠪᠢᠳᠡ ᠬᠡᠷᠡᠭ ᠰᠢᠢᠳᠪᠦᠷᠢᠯᠡᠬᠦ ᠲᠣᠭᠤᠷᠢᠭ᠂ ᠬᠡᠷᠡᠭ ᠤᠨ | ᠬᠠᠮᠢᠶᠠᠷᠤᠯᠲᠠ ᠶᠢᠨ ᠲᠣᠭᠤᠷᠢᠭ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ | ᠬᠠᠮᠢᠶᠠᠷᠤᠯᠲᠠ ᠶᠢᠨ ᠲᠣᠭᠤᠷᠢᠭ ᠵᠢᠴᠢ ᠪᠤᠰᠤᠳ ᠲᠤᠰᠠᠯᠠᠬᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠨᠢᠭᠡ | ᠥᠷᠲᠡᠭᠡ ᠮᠠᠶ᠋ᠢᠭ︾ ᠤᠨ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠢ ᠪᠠᠶᠢᠭᠤᠯᠵᠤ᠂ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ᠂ ᠬᠢᠨᠠᠯᠲᠠ ᠲᠠᠯᠪᠢᠵᠤ ᠬᠠᠮᠢᠶᠠᠷᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ︽ᠨᠢᠭᠡ | ᠴᠣᠭᠴᠠᠵᠢᠭᠤᠯᠬᠤ︾ ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠵᠦ᠂ ︽ᠠᠮᠤᠷ ᠲᠦᠪᠰᠢᠨ᠂ ᠵᠢᠷᠤᠮᠵᠢᠯ ᠲᠠᠢ᠂ | ᠡᠷᠴᠢᠮᠯᠢᠭ᠂ ᠣᠶᠤᠨᠴᠢᠯᠠᠭᠰᠠᠨ᠂ ᠥᠨᠳᠥᠷ ᠦᠷ᠎ᠡ ᠠᠰᠢᠭ ᠲᠠᠢ︾ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠵᠠᠭᠪᠤᠷ ᠢ ᠪᠤᠢ ᠪᠣᠯᠭᠠᠵᠤ᠂ ᠨᠢᠭᠡ ᠥᠷᠲᠡᠭᠡ ᠮᠠᠶ᠋ᠢᠭ ᠤᠨ ᠬᠡᠷᠡᠭ ᠰᠢᠢᠳᠪᠦᠷᠢᠯᠡᠬᠦ ᠶᠡᠷᠦᠩᠬᠡᠢ ᠰᠠᠭᠤᠷᠢᠨ᠂ ᠬᠢᠨᠠᠯᠲᠠ | ᠲᠠᠯᠪᠢᠵᠤ ᠬᠠᠮᠢᠶᠠᠷᠬᠤ ᠶᠡᠭᠡ ᠬᠦᠢᠰᠦ᠂ ᠪᠦᠬᠦ ᠶᠠᠪᠤᠴᠠ ᠶᠢᠨ ᠪᠠᠲᠤᠯᠠᠭ᠎ᠠ ᠲᠠᠢ ᠲᠣᠮᠣ ᠰᠠᠭᠤᠷᠢᠨ ᠭᠠᠵᠠᠷ ᠢ ᠪᠦᠬᠦ | ᠬᠦᠴᠦᠨ ᠢᠶᠠᠷ ᠢᠶᠠᠨ ᠪᠠᠶᠢᠭᠤᠯᠪᠠ︔ ᠭᠤᠷᠪᠠ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠪᠠ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠰᠢᠢᠳᠪᠦᠷᠢᠯᠡᠵᠦ ᠬᠤᠪᠢ | ᠲᠡᠮᠳᠡᠭᠯᠡᠬᠦ ᠳᠦᠷᠢᠮ ᠢ ᠡᠬᠢᠯᠡᠨ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠪᠦᠬᠦ | ᠶᠠᠪᠤᠴᠠ ᠶᠢᠨ᠂ ᠲᠤᠬᠠᠢ ᠶᠢᠨ ᠴᠠᠭ ᠤᠨ᠂ ᠬᠥᠳᠡᠯᠦᠩᠭᠦᠢ ᠦᠨᠡᠯᠡᠯᠲᠡ ᠬᠢᠵᠦ᠂ ᠠᠷᠠᠳ ᠤᠨ ᠴᠠᠭᠳᠠᠭ᠎ᠠ ᠶᠢᠨ | ᠬᠠᠷᠢᠭᠤᠴᠠᠬᠤ ᠰᠡᠳᠬᠢᠯ ᠢ ᠴᠢᠩᠭᠠᠳᠬᠠᠨ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠡᠬᠢ ᠠᠴᠠ ᠨᠢ᠂ ᠲᠡᠰ | ᠳᠠᠷᠠᠭᠠᠯᠠᠯ ᠳᠡᠭᠡᠷ᠎ᠡ ᠬᠦᠷᠲᠡᠯ᠎ᠡ ᠪᠠᠲᠤᠯᠠᠪᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠣᠶᠣᠨᠴᠢᠯᠠᠭᠰᠠᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠶᠢᠨ ᠬᠢᠨᠠᠯᠲᠠ ᠶᠢᠨ ︽ᠣᠶᠣᠨᠴᠢᠯᠠᠭᠰᠠᠨ | ᠵᠠᠰᠠᠯᠲᠠ︾ ᠶᠢᠨ ᠴᠠᠭ ᠦᠶ᠎ᠡ ᠶᠢ ᠪᠦᠬᠦ ᠲᠠᠯ᠎ᠠ ᠪᠠᠷ ᠨᠡᠭᠡᠭᠡᠵᠦ᠂ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ | ᠤᠯᠠᠮ ᠨᠠᠷᠢᠯᠢᠭ ᠪᠣᠯᠭᠠᠪᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠨᠡᠶᠢᠭᠡᠮ ᠤᠨ ᠡᠶ᠎ᠡ ᠵᠣᠬᠢᠴᠠᠯ ᠢ | ᠬᠠᠮᠠᠭᠠᠯᠠᠵᠤ ᠡᠷᠬᠡᠲᠦ ᠠᠷᠠᠳ ᠤᠨ ᠡᠷᠬᠡ ᠠᠰᠢᠭ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠪᠢᠳᠠ | ᠪᠦᠬᠦᠨ ᠮᠡᠳᠡᠨ᠎ᠡ᠂ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠳᠤ ᠪᠣᠳᠠᠲᠠᠢ ᠶᠠᠮᠠᠷ | ᠠᠷᠭ᠎ᠠ ᠬᠡᠮᠵᠢᠶ᠎ᠡ ᠠᠪᠤᠭᠰᠠᠨ ᠢ ᠳᠥᠭᠦᠮ ᠲᠠᠨᠢᠯᠴᠠᠭᠤᠯᠵᠤ ᠥᠭᠭᠦᠨ᠎ᠡ ᠤᠤ︖ | ᠭᠥᠸᠧ ᠸᠧᠢ ᠽᠠᠢ᠄ | ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠵᠥᠪ | ᠭᠦᠢᠴᠡᠳᠬᠡᠬᠦ ᠶᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠠ ᠵᠦᠢ ᠵᠣᠬᠢᠰ ᠦᠭᠡᠢ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠰᠡᠷᠭᠡᠶᠢᠯᠡᠨ ᠵᠠᠯᠠᠷᠠᠭᠤᠯᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃ ᠥᠨᠥᠳᠥᠷ ᠪᠢ | ᠭᠤᠣᠯᠳᠠᠭᠤ ᠬᠠᠤᠯᠢ ᠳᠦᠷᠢᠮ ᠤᠨ ᠰᠠᠯᠪᠤᠷᠢ ᠠᠩᠭᠢ ᠶᠢᠨ ᠥᠷᠨᠢᠭᠦᠯᠦᠭᠰᠡᠨ ᠬᠤᠯᠪᠣᠭᠳᠠᠯ ᠪᠦᠬᠦᠢ ᠠᠵᠢᠯ ᠢ | ᠣᠯᠠᠨ ᠳᠤ ᠲᠠᠨᠢᠯᠴᠠᠭᠤᠯᠤᠶ᠎ᠠ᠃ ᠨᠢᠭᠡ ᠳᠤ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤ | ᠥᠷᠨᠢᠭᠦᠯᠪᠡ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ | ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠬᠤᠪᠢᠷᠠᠭᠤᠯᠵᠤ᠂ ︽ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠵᠢᠯ ᠤᠨ | ᠳᠤᠭᠤᠶᠢᠯᠠᠩ ᠤᠨ ᠠᠵᠢᠯᠯᠠᠭᠠᠨ ᠤ ᠲᠥᠰᠥᠯ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠵᠢᠯ ᠤᠨ ᠱᠠᠩᠨᠠᠵᠤ | ᠲᠣᠷᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠪᠦᠬᠦ ᠬᠤᠳᠠ ᠶᠢᠨ ᠡᠯ᠎ᠡ | ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ | ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠵᠦ᠂ ᠨᠢᠭᠡ ᠪᠦᠯᠦᠭ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠦᠯᠲᠡ ᠶᠢᠨ ᠰᠢᠯᠢᠳᠡᠭ ᠲᠣᠭᠤᠷᠢᠨ ᠪᠠᠶᠢᠴᠠᠭᠠᠭᠴᠢ ᠶᠢ ᠢᠯᠡᠷᠡᠭᠦᠯᠵᠦ᠂ ᠱᠠᠩᠨᠠᠨ ᠬᠥᠬᠢᠭᠦᠯᠵᠦ᠂ | ᠳᠠᠶᠢᠴᠢᠯᠠᠵᠤ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠮᠡᠷᠭᠡᠵᠢᠯ ᠤᠨ ᠰᠢᠯᠢᠳᠡᠭ ᠪᠠᠶᠢᠯᠳᠤᠬᠤ | ᠠᠷᠭ᠎ᠠ ᠶᠢ ᠳᠡᠯᠭᠡᠷᠡᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠶᠢᠨ ︽ᠡᠴᠦᠰ ᠤᠨ ᠨᠢᠭᠡ ᠺᠢᠯᠣᠮᠧᠲᠷ︾ ᠤᠨ | ᠰᠢᠢᠳᠪᠦᠷᠢᠲᠦ ᠢᠯᠠᠯᠲᠠ ᠶᠢ ᠣᠯᠪᠠ᠃ ᠮᠠᠨ ᠤ ᠲᠣᠪᠴᠢᠶ᠎ᠠ ᠶᠢᠨ ᠴᠢᠮᠡᠭᠡ ᠮᠡᠳᠡᠭᠡ ᠶᠢᠨ ᠵᠢᠯᠣᠭᠤᠳᠬᠤ ᠲᠥᠪ ᠵᠡᠷᠭᠡ | ᠰᠠᠯᠠᠭ᠎ᠠ ᠮᠥᠴᠢᠷ ᠲᠠᠢ ᠬᠠᠮᠲᠤ ᠪᠠᠷ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠶᠢ | ᠵᠢᠷᠤᠮᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ | ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠵᠡᠷᠭᠡ ᠪᠠᠷ ᠥᠷᠨᠢᠭᠦᠯᠬᠦ ᠶᠢᠨ ᠬᠠᠮᠲᠤ ᠲᠤᠬᠠᠢ ᠶᠢᠨ | ᠲᠠᠯᠠᠪᠤᠷ ᠲᠤ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠳᠤ ᠴᠠᠭ ᠲᠤᠬᠠᠢ ᠳᠤᠨᠢ | ᠬᠢᠨᠠᠯᠲᠠ ᠲᠠᠯᠪᠢᠵᠤ᠂ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠪᠠ᠃ | ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠥᠨᠳᠥᠷ᠂ ᠬᠥᠨᠥᠭᠡᠯ ᠠᠮᠰᠠᠭᠰᠠᠨ ᠬᠥᠮᠥᠨ ᠣᠯᠠᠨ᠂ ᠠᠮᠤᠷ | ᠲᠦᠪᠰᠢᠨ ᠤ ᠳᠠᠯᠳᠠ ᠭᠡᠮ ᠤᠨ ᠲᠤᠰᠬᠠᠯ ᠲᠣᠪᠣᠶᠢᠮ᠎ᠠ ᠪᠠᠶᠢᠭ᠎ᠠ ᠬᠡᠷᠡᠭ ᠤᠨ ᠪᠠᠶᠢᠳᠠᠯ ᠢ ᠴᠠᠭ ᠲᠤᠬᠠᠢ ᠳᠤᠨᠢ | ᠲᠣᠭᠤᠷᠢᠨ ᠪᠠᠶᠢᠴᠠᠭᠠᠵᠤ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠮᠢᠯᠠᠬᠤ ᠭᠠᠵᠠᠷ ᠠᠩᠭᠢ ᠳᠤ | ᠬᠠᠤᠯᠢ ᠬᠡᠷᠡᠭᠵᠢᠭᠦᠯᠬᠦ ᠰᠠᠨᠠᠭᠤᠯᠤᠮᠵᠢ ᠶᠢᠨ ᠪᠢᠴᠢᠭ ᠪᠤᠶᠤ ᠰᠠᠨᠠᠭᠤᠯᠭ᠎ᠠ ᠶᠢᠨ ᠪᠢᠴᠢᠭ ᠪᠠᠭᠤᠯᠭᠠᠵᠤ᠂ ᠣᠯᠠᠭᠤᠯᠠ | ᠰᠤᠷᠪᠤᠯᠵᠢᠯᠠᠬᠤ᠂ ᠰᠦᠯᠵᠢᠶᠡᠨ ᠳᠡᠭᠡᠷᠡᠬᠢ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠪᠠᠶᠢᠳᠠᠯ | ᠡᠭᠦᠰᠬᠦ ᠶᠢ ᠪᠦᠲᠦᠮᠵᠢᠲᠡᠶ ᠰᠡᠷᠭᠡᠶᠢᠯᠡᠪᠡ︔ ᠬᠤᠶᠠᠷ ᠲᠤ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ | ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠠᠵᠢᠯᠯᠠᠭᠠᠨ ᠢ ᠲᠦᠯᠬᠢᠨ ᠠᠬᠢᠭᠤᠯᠪᠠ᠃ ︽ᠬᠠᠤᠯᠢ ᠬᠡᠷᠡᠭᠵᠢᠭᠦᠯᠬᠦ | ᠬᠠᠮᠢᠶᠠᠷᠤᠯᠲᠠ ᠶᠢᠨ ᠵᠥᠪᠯᠡᠯ ᠠᠵᠢᠯ ᠤᠨ ᠳᠦᠷᠢᠮ︾ ︽ᠳᠣᠲᠣᠭᠠᠳᠤ ᠶᠢᠨ ᠬᠠᠤᠯᠢ ᠬᠡᠷᠡᠭᠵᠢᠭᠦᠯᠬᠦ ᠬᠢᠨᠠᠯᠲᠠ ᠶᠢᠨ | ᠠᠵᠢᠯ ᠤᠨ ᠨᠠᠷᠢᠨ ᠳᠦᠷᠢᠮ︾ ᠵᠡᠷᠭᠡ 55 ᠳᠦᠷᠢᠮ ᠲᠣᠭᠲᠠᠴᠠ ᠂ ᠬᠠᠤᠯᠢ ᠬᠡᠷᠡᠭᠵᠢᠭᠦᠯᠬᠦ ᠨᠠᠷᠢᠨ ᠳᠦᠷᠢᠮ ᠪᠠ | ᠪᠣᠳᠠᠲᠤ ᠳᠠᠶᠢᠨ ᠤ ᠵᠢᠯᠣᠭᠤᠳᠤᠮᠵᠢ ᠶᠢᠨ 47 ᠵᠦᠢᠯ ᠤᠨ ᠪᠣᠳᠠᠲᠤ ᠪᠣᠯᠪᠠᠰᠤᠷᠠᠯ ᠤᠨ ᠵᠢᠯᠣᠭᠤᠳᠤᠮᠵᠢ ᠶᠢ | ᠨᠡᠶᠢᠲᠡᠯᠡᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠤᠨ ᠪᠠᠶᠢᠷᠢ ᠶᠢᠨ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠳᠦᠷᠢᠮ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠭᠰᠡᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠳᠦᠷᠢᠮ᠂ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ | ᠬᠠᠮᠠᠭᠠᠯᠠᠬᠤ ᠳᠦᠷᠢᠮ ᠪᠠ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ | ᠪᠤᠷᠤᠭᠤ ᠶᠢ ᠵᠠᠯᠠᠷᠠᠭᠤᠯᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ︽ᠶᠡᠭᠡ ᠬᠢᠨᠠᠯᠲᠠ ᠲᠠᠯᠪᠢᠬᠤ︾ | ᠡᠭᠦᠷᠭᠡ ᠴᠢᠳᠠᠪᠤᠷᠢ ᠳᠤ ᠲᠦᠰᠢᠭᠯᠡᠨ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ | ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ᠠᠬᠤᠢ ᠲᠠᠯᠠᠪᠠᠢ ᠶᠢᠨ ᠬᠤᠷᠠᠯ᠂ ᠪᠦᠬᠦ ᠬᠤᠳᠠ ᠶᠢᠨ ᠬᠠᠤᠯᠢ | ᠳᠦᠷᠢᠮ ᠤᠨ ᠰᠠᠯᠠᠭ᠎ᠠ ᠮᠥᠴᠢᠷ ᠤᠨ ᠰᠠᠭᠤᠳᠠᠯ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠪᠣᠯᠣᠨ ᠬᠠᠤᠯᠢ ᠳᠦᠷᠢᠮ ᠤᠨ ᠠᠵᠢᠯᠲᠠᠨ ᠤ | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠡᠷᠡᠭ ᠤᠨ ᠪᠠᠶᠢᠳᠠᠯ᠂ ᠬᠡᠷᠡᠭ ᠢ ᠰᠢᠯᠭᠠᠨ ᠦᠨᠡᠯᠡᠬᠦ | ᠠᠵᠢᠯ ᠢ ᠦᠷᠭᠦᠯᠵᠢᠯᠡᠨ ᠥᠷᠨᠢᠭᠦᠯᠪᠡ︔ ᠭᠤᠷᠪᠠ ᠳᠤ ᠬᠡᠷᠡᠭ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ | ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠡᠷᠡᠭ ᠢ ᠰᠢᠭᠦᠵᠦ ᠬᠢᠨᠠᠨ ᠬᠠᠷᠭᠤᠭᠤᠯᠬᠤ ᠲᠥᠪ | ᠴᠢᠩᠭ᠎ᠠ ᠴᠢᠨᠠᠷ ᠪᠠ ᠲᠥᠪ ᠭᠤᠣᠯᠴᠢ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠱᠠᠲᠤᠨ ᠤ ᠬᠠᠤᠯᠢ | ᠳᠦᠷᠢᠮ ᠤᠨ ᠰᠠᠯᠠᠭ᠎ᠠ ᠮᠥᠴᠢᠷ ᠬᠡᠷᠡᠭ ᠤᠨ ᠪᠣᠳᠠᠲᠤ ᠶᠠᠪᠤᠳᠠᠯ ᠤᠨ ᠭᠤᠭᠴᠤᠭ᠎ᠠ᠂ ᠭᠡᠷᠡᠴᠢ ᠪᠠᠷᠢᠮᠲᠠ ᠶᠢᠨ | ᠭᠤᠭᠴᠤᠭ᠎ᠠ᠂ ᠰᠢᠨᠵᠢ ᠴᠢᠨᠠᠷ ᠢ ᠲᠣᠭᠲᠠᠭᠠᠬᠤ ᠭᠤᠭᠴᠤᠭ᠎ᠠ᠂ ᠳᠠᠷᠠᠭᠠᠯᠠᠯ ᠤᠨ ᠭᠤᠭᠴᠤᠭ᠎ᠠ᠂ ᠰᠢᠢᠳᠪᠦᠷᠢᠯᠡᠬᠦ | ᠭᠤᠭᠴᠤᠭ᠎ᠠ᠂ ᠴᠠᠭ ᠬᠤᠭᠤᠴᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠡᠷᠡᠭ ᠢ ᠰᠢᠢᠳᠪᠦᠷᠢᠯᠡᠬᠦ | ᠶᠠᠪᠤᠴᠠ ᠳᠠᠬᠢ ᠡᠯ᠎ᠡ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠡᠷᠬᠡ ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠬᠡᠷᠡᠭ ᠢ ᠬᠦᠯᠢᠶᠡᠨ ᠠᠪᠴᠤ | ᠰᠢᠢᠳᠪᠦᠷᠢᠯᠡᠬᠦ ᠠᠴᠠ ᠠᠪᠤᠭᠠᠳ ᠰᠢᠢᠳᠪᠦᠷᠢᠯᠡᠵᠦ ᠳᠠᠭᠤᠰᠬᠠᠬᠤ ᠬᠦᠷᠲᠡᠯᠡᠬᠢ ᠪᠦᠬᠦ ᠶᠠᠪᠤᠴᠠ ᠳᠤ ᠴᠢᠩᠭ᠎ᠠ ᠬᠢᠨᠠᠯᠲᠠ | ᠲᠠᠯᠪᠢᠵᠤ ᠡᠵᠡᠮᠳᠡᠬᠦ ᠪᠣᠯᠪᠠ᠃ ᠡᠭᠦᠨ ᠤ ᠬᠠᠮᠲᠤ᠂ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠵᠡᠷᠭᠡᠪᠡᠷ ᠬᠡᠷᠡᠭ | ᠰᠢᠢᠳᠪᠦᠷᠢᠯᠡᠬᠦ᠂ ᠤᠷᠢᠳᠴᠢᠯᠠᠨ ᠬᠢᠨᠠᠨ ᠬᠠᠷᠭᠤᠭᠤᠯᠬᠤ ᠠᠵᠢᠯ ᠤᠨ ᠵᠠᠭᠪᠤᠷ ᠵᠢᠴᠢ ᠪᠠᠶᠢᠴᠠᠭᠠᠬᠤ ᠪᠠᠶᠢᠭᠤᠯᠭ᠎ᠠ ᠶᠢᠨ | ᠲᠤᠷᠰᠢᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠨ ᠠᠵᠢᠯᠯᠠᠬᠤ ᠲᠣᠭᠲᠠᠴᠠ ᠳᠤ ᠲᠦᠰᠢᠭᠯᠡᠨ᠂ | ᠡᠷᠡᠭᠦᠦ ᠶᠢᠨ ᠬᠡᠷᠡᠭ ᠢ ᠬᠢᠨᠠᠨ ᠬᠠᠷᠭᠤᠭᠤᠯᠬᠤ ᠳᠠᠷᠠᠭᠠᠯᠠᠯ ᠢ ᠤᠯᠠᠮ ᠨᠢᠭᠡ ᠠᠯᠬᠤᠮ ᠴᠢᠩᠭ᠎ᠠ ᠨᠠᠶᠢᠳᠠᠪᠤᠷᠢᠵᠢᠭᠤᠯᠵᠤ᠂ | ᠡᠷᠡᠭᠦᠦ ᠶᠢᠨ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠥᠲᠥᠯᠥᠭᠴᠢ᠄ | ᠲᠠᠨ ᠤ ᠲᠠᠨᠢᠯᠴᠠᠭᠤᠯᠬᠤ ᠶᠢ ᠰᠣᠨᠣᠰᠤᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠷ᠎ᠠ ᠪᠠᠨ | ᠥᠷᠨᠢᠭᠦᠯᠦᠭᠰᠡᠨ ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠲᠤᠶᠢᠯ ᠤᠨ ᠴᠢᠩᠭ᠎ᠠ ᠨᠢᠮᠪᠠᠢ ᠪᠠᠶᠢᠳᠠᠭ ᠢ ᠮᠡᠳᠡᠯ᠎ᠡ᠂ | ᠲᠡᠭᠡᠪᠡᠯ ᠨᠡᠶᠢᠭᠡᠮ ᠤᠨ ᠬᠢᠨᠠᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠵᠠᠮ ᠢ ᠨᠡᠭᠡᠭᠡᠭᠰᠡᠨ ᠪᠤᠢ︖ | ᠭᠥᠸᠧ ᠸᠧᠢ ᠽᠠᠢ᠄ | ᠪᠢᠳᠡ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ | ᠬᠡᠷᠡᠭᠵᠢᠭᠦᠯᠦᠯᠲᠡ ᠶᠢ ᠢᠯᠡ ᠪᠣᠯᠭᠠᠬᠤ ᠲᠣᠭᠲᠠᠭᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ | ᠂ ᠳᠥᠭᠦᠮ ᠳᠥᠲᠡ᠂ ᠲᠥᠪ ᠭᠤᠣᠯᠴᠢ᠂ ᠢᠯᠡ ᠲᠣᠳᠣ ᠴᠠᠭᠳᠠᠭᠠᠨ ᠤ ᠶᠠᠪᠤᠳᠠᠯ ᠤᠨ ᠰᠢᠨ᠎ᠡ ᠲᠣᠭᠲᠠᠴᠠ ᠶᠢ | ᠢᠳᠡᠪᠬᠢᠲᠡᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡᠴᠢᠯᠡᠨ ᠮᠡᠳᠡᠭᠦᠯᠬᠦ ᠪᠠ | ᠵᠠᠭᠠᠯᠳᠤᠬᠤ ᠳᠦᠷᠢᠮ ᠢ ᠪᠠᠶᠢᠭᠤᠯᠵᠤ᠂ ︽12389︾ ᠢᠯᠡᠴᠢᠯᠡᠨ ᠮᠡᠳᠡᠭᠦᠯᠵᠦ ᠵᠠᠭᠠᠯᠳᠤᠬᠤ ᠲᠠᠪᠴᠠᠩ᠂ | 6699720 ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠮᠰᠢᠯ ᠤᠲᠠᠰᠤ᠂ ︽24 ᠴᠠᠭ ᠤᠨ ᠴᠠᠭᠳᠠᠭᠠᠨ ᠤ | ᠲᠣᠪᠴᠢᠶ᠎ᠠ︾ ᠶᠢᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ ᠵᠠᠭᠠᠯᠳᠤᠬᠤ ᠬᠡᠰᠡᠭ ᠂ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠳᠠᠷᠤᠢ ᠭᠦᠢᠴᠡᠳᠬᠡᠬᠦ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ 5 ᠠᠷᠭ᠎ᠠ | ᠵᠠᠮ ᠢᠶᠠᠷ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠪᠦᠬᠦ ᠲᠠᠯ᠎ᠠ ᠪᠠᠷ ᠬᠦᠯᠢᠶᠡᠵᠦ᠂ ᠤᠯᠠᠨ | ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ ᠪᠠᠶᠢᠳᠠᠯ ᠢ ᠡᠳᠦᠷ ᠲᠤ ᠬᠤᠷᠢᠶᠠᠩᠭᠤᠶᠢᠯᠠᠨ᠂ ᠡᠳᠦᠷ ᠲᠤ | ᠮᠡᠳᠡᠭᠦᠯᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠢᠨᠠᠯᠲᠠ ᠳᠣᠣᠷ᠎ᠠ ᠡᠷᠬᠡ ᠪᠠᠨ | ᠬᠡᠷᠡᠭᠯᠡᠬᠦ᠂ ᠣᠯᠠᠨ ᠤ ᠨᠢᠳᠦᠨ ᠳᠣᠣᠷ᠎ᠠ ᠬᠠᠤᠯᠢ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ | ᠬᠥᠲᠥᠯᠥᠭᠴᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠠᠤᠯᠢ ᠬᠡᠷᠡᠭᠵᠢᠭᠦᠯᠬᠦ ᠪᠠ ᠦᠢᠯᠡᠴᠢᠯᠡᠬᠦ ᠶᠢᠨ ᠬᠠᠷᠢᠴᠠᠭ᠎ᠠ ᠶᠢ ᠬᠡᠷᠬᠢᠨ ᠰᠢᠢᠳᠪᠦᠷᠢᠯᠡᠳᠡᠭ ᠪᠣᠢ︖ | | ᠭᠥᠸᠧ ᠸᠧᠢ ᠽᠠᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠪᠢᠳᠠ ᠠᠷᠠᠳ ᠤᠨ ᠲᠥᠯᠥᠭᠡ | ᠬᠠᠤᠯᠢ ᠬᠡᠷᠡᠭᠵᠢᠭᠦᠯᠬᠦ᠂ ᠠᠷᠠᠳ ᠤᠨ ᠲᠥᠯᠥᠭᠡ ᠦᠢᠯᠡᠴᠢᠯᠡᠬᠦ ᠣᠶᠢᠯᠠᠭᠠᠭᠳᠠᠬᠤᠨ ᠢ ᠴᠠᠭ ᠢᠮᠠᠭᠲᠠ ᠪᠠᠷᠢᠮᠲᠠᠯᠠᠳᠠᠭ᠃ | ᠨᠢᠭᠡ ᠲᠠᠯ᠎ᠠ ᠪᠠᠷ᠂ ᠪᠢᠳᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ | ᠨᠡᠶᠢᠭᠡᠮ ᠤᠨ ᠡᠮᠬᠢ ᠵᠢᠷᠤᠮ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠳᠠᠭ᠃ ᠨᠥᠭᠦᠭᠡ ᠲᠠᠯ᠎ᠠ ᠪᠠᠷ᠂ | ᠪᠢᠳᠠᠨ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢᠨ | ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠤᠴᠢᠷ ᠶᠠᠪᠤᠳᠠᠯ ᠭᠦᠢᠴᠡᠳᠬᠡᠬᠦ ᠶᠠᠪᠤᠴᠠ ᠶᠢ | ᠳᠥᠭᠦᠮᠴᠢᠯᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠡᠩ ᠳᠥᠭᠦᠮ ᠲᠦᠲᠡ᠂ | ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠳᠠᠭ᠃ ᠡᠭᠦᠨ ᠤ ᠬᠠᠮᠲᠤ ᠪᠦᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠢᠯᠡ ᠪᠣᠯᠭᠠᠬᠤ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠵᠡᠷᠭᠡ ᠠᠵᠢᠯ ᠤᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠬᠥᠲᠥᠯᠥᠭᠴᠢ᠄ | ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠬᠦ ᠲᠠᠯ᠎ᠠ ᠪᠠᠷ ᠮᠠᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠠᠮᠠᠷ ᠶᠠᠮᠠᠷ ᠠᠵᠢᠯ ᠬᠢᠪᠡ︖ | ᠭᠥᠸᠧ ᠸᠧᠢ ᠽᠠᠢ᠄ | ᠪᠢᠳᠠᠨ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠡᠷᠢᠨ ᠪᠠᠭᠤᠷᠠᠢ | ᠲᠠᠯ᠎ᠠ ᠪᠠᠨ ᠣᠯᠵᠤ᠂ ᠠᠰᠠᠭᠤᠳᠠᠯ ᠢ ᠥᠭᠡᠷᠡᠴᠢᠯᠡᠨ ᠰᠠᠶᠢᠵᠢᠷᠠᠭᠤᠯᠬᠤ ᠪᠠ ᠦᠢᠯᠡᠴᠢᠯᠡᠭᠡ ᠪᠠᠨ ᠰᠢᠯᠢᠳᠡᠭᠵᠢᠭᠦᠯᠬᠦ ︽ | ᠬᠤᠣᠰ ᠴᠢᠭᠯᠡᠯ︾ ᠢᠶᠠᠷ ᠬᠦᠴᠦᠯᠡᠪᠡ᠃ ᠨᠢᠭᠡ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ | ᠬᠡᠷᠡᠭᠯᠡᠵᠦ ᠪᠣᠯᠬᠤ ᠠᠴᠠ ᠬᠡᠷᠡᠭᠯᠡᠬᠦ ᠳᠤ ᠰᠠᠶᠢᠨ ᠪᠣᠯᠭᠠᠨ ᠰᠢᠨᠡᠴᠢᠯᠡᠪᠡ᠃ ᠬᠤᠶᠠᠷ ᠲᠤ ᠨᠡᠩ ᠣᠯᠠᠨ ᠠᠷᠠᠳ ᠲᠤ | ᠳᠥᠭᠦᠮ ᠠᠵᠤ ᠠᠬᠤᠶᠢᠯᠠᠯ ᠳᠤ ᠠᠰᠢᠭ ᠲᠠᠢ ᠠᠷᠭ᠎ᠠ ᠬᠡᠮᠵᠢᠶ᠎ᠡ ᠶᠢ ᠠᠪᠤᠪᠠ᠃ ᠭᠤᠷᠪᠠ ᠳᠤ ᠨᠡᠩ ᠣᠯᠠᠨ ᠤᠴᠢᠷ | ᠶᠠᠪᠤᠳᠠᠯ ᠭᠦᠢᠴᠡᠳᠬᠡᠬᠦ ᠵᠦᠢᠯ ᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠤᠨ ᠰᠠᠭᠤᠯᠭᠠᠵᠤ᠂ ︽ᠠᠷᠪᠠᠨ ᠲᠠᠪᠤᠨ | ᠮᠢᠨᠦ᠋ᠲ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠠᠭᠠᠷᠢᠭ︾ ᠢ ᠪᠠᠶᠢᠭᠤᠯᠪᠠ᠃ | ᠬᠥᠲᠥᠯᠥᠭᠴᠢ᠄ | ᠪᠢᠳᠠᠨ ᠤ ᠮᠡᠳᠡᠬᠦ ᠪᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠲᠡᠭᠡᠪᠡᠯ ᠠᠵᠤ | ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ | ᠭᠥᠸᠧ ᠸᠧᠢ ᠽᠠᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠠᠤᠯᠢ ᠪᠠᠷ ᠵᠠᠰᠠᠬᠤ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠨ | ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠡᠭᠦᠨ ᠤ | ᠤᠯᠠᠮ ᠢᠶᠠᠷ ᠲᠣᠭᠲᠠᠭᠤᠨ᠂ ᠠᠮᠤᠷ ᠲᠦᠪᠰᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠪᠠ᠂ | ᠭᠤᠣᠯᠳᠠᠭᠤ ᠳᠣᠣᠷᠠᠬᠢ ᠮᠡᠲᠦ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠪᠡ᠄ ᠨᠢᠭᠡ ᠳᠤ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ᠃ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠬᠡᠳᠦ ᠳᠡᠯᠭᠡᠭᠦᠷ︾ ︽ᠨᠢᠭᠡ | ᠴᠣᠩᠬᠤ ᠪᠠᠷ ᠨᠡᠶᠢᠳᠡᠮ ᠭᠦᠢᠴᠡᠳᠬᠡᠬᠦ︾ ᠪᠠ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ | ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠯᠢ ᠪᠠᠷ ᠣᠷᠣᠵᠤ ᠭᠠᠷᠬᠤ ᠪᠠ ᠮᠠᠰᠢᠨ | ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠤᠰᠬᠠᠢ ᠬᠤᠪᠢᠶᠠᠷᠢ ᠲᠢᠩᠬᠢᠮ ᠢ ︽ᠶᠡᠷᠦᠩᠬᠡᠶᠢᠯᠡᠭᠰᠡᠨ︾ ᠪᠣᠯᠭᠠᠬᠤ | ᠥᠭᠡᠷᠡᠴᠢᠯᠡᠯᠲᠡ ᠪᠠ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠥᠭᠡᠷᠡᠴᠢᠯᠡᠯᠲᠡ ᠶᠢ | ᠢᠳᠡᠪᠬᠢᠲᠡᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠪᠣᠯᠬᠤ ᠶᠢ ᠪᠦᠬᠦᠨ ᠢ ᠣᠷᠣᠭᠤᠯᠪᠠ᠃ ᠠᠵᠤ | ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠢ ᠬᠡᠷᠡᠭ ᠢᠶᠠᠷ ᠳᠠᠩᠰᠠᠯᠠᠬᠤ ᠰᠠᠭᠠᠳ ᠦᠭᠡᠢ | ᠨᠡᠪᠲᠡᠷᠡᠬᠦ ᠵᠠᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠲᠤᠯᠠᠭ᠎ᠠ ᠠᠪᠤᠭᠰᠠᠨ ᠬᠥᠮᠥᠨ ᠤ ᠭᠠᠳᠠᠷ | ᠣᠷᠣᠨ ᠳᠤ ᠣᠴᠢᠵᠤ ᠡᠵᠡᠩᠨᠡᠯᠲᠡ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢ ᠵᠥᠪᠰᠢᠶᠡᠷᠡᠬᠦ ᠳᠠᠷᠠᠭᠠᠯᠠᠯ ᠢ | ᠳᠥᠭᠦᠮᠴᠢᠯᠡᠵᠦ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠲᠠᠢ ᠵᠣᠯᠭᠠᠭᠤᠯᠤᠨ᠂ ᠠᠵᠤ ᠠᠬᠤᠶᠢᠯᠠᠯ ᠤᠨ | ᠲᠠᠬᠢᠨ ᠶᠠᠯ᠎ᠠ ᠬᠢᠬᠦ ᠠᠶᠤᠯ ᠲᠦᠭᠰᠢᠭᠦᠷᠢ ᠶᠢ ᠠᠷᠢᠯᠭᠠᠵᠤ᠂ ᠬᠤᠳᠠᠯᠳᠤᠭᠠᠴᠢᠨ ᠢ ᠠᠮᠤᠷᠵᠢᠭᠤᠯᠵᠤ ᠠᠵᠤ | ᠠᠬᠤᠶᠢᠯᠠᠯ ᠳᠤ ᠠᠰᠢᠭ ᠬᠦᠷᠲᠡᠭᠡᠬᠦ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ | ᠪᠣᠯᠭᠠᠪᠠ︔ ᠬᠤᠶᠠᠷ ᠲᠤ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ | ᠲᠥᠪ ᠢᠶᠠᠷ ᠳᠠᠮᠵᠢᠭᠤᠯᠤᠨ ᠦᠢᠯᠡᠴᠢᠯᠡᠭᠡ ᠬᠠᠩᠭᠠᠪᠠ᠃ ᠨᠢᠭᠡᠨᠲᠡ ᠪᠠᠶᠢᠭᠤᠯᠵᠤ ᠳᠠᠭᠤᠰᠬᠠᠭᠰᠠᠨ ᠬᠤᠲᠣᠩ ᠠᠷᠠᠳ | ᠤᠨ ᠲᠣᠭᠤᠷᠢᠭ ᠤᠨ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ | ᠲᠥᠪ ᠲᠤ ᠠᠵᠤ ᠠᠬᠤᠢ ᠶᠢᠨ ᠲᠤᠷᠰᠢᠨ ᠪᠠᠶᠢᠴᠠᠭᠠᠯᠲᠠ᠂ ᠣᠷᠴᠢᠨ ᠲᠣᠭᠤᠷᠢᠨ ᠢᠳᠡᠭᠡᠨ ᠤ ᠵᠦᠢᠯ ᠡᠮ ᠤᠨ ᠵᠦᠢᠯ | ᠵᠡᠷᠭᠡ ᠴᠠᠭᠳᠠᠭᠠᠨ ᠤ ᠲᠦᠷᠦᠯ ᠢ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤ ᠪᠠᠷ | ᠰᠠᠭᠤᠯᠭᠠᠵᠤ᠂ ᠡᠭᠦᠨ ᠤ ᠵᠣᠷᠢᠯᠭ᠎ᠠ ᠨᠢ ᠬᠤᠲᠣᠩ ᠠᠷᠠᠳ ᠤᠨ ᠲᠣᠭᠤᠷᠢᠭ ᠤᠨ ᠠᠵᠤ ᠠᠬᠤᠶᠢᠯᠠᠯ ᠳᠤ ᠲᠤᠰᠬᠠᠢ | ᠮᠡᠷᠭᠡᠵᠢᠯ ᠤᠨ ᠳᠥᠭᠦᠮ ᠳᠥᠲᠡ ᠵᠠᠰᠠᠭ ᠵᠠᠬᠢᠷᠭᠠᠨ ᠤ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ | ᠬᠠᠩᠭᠠᠬᠤ ᠶᠢᠨ ᠲᠥᠯᠥᠭᠡ ᠶᠤᠮ︔ ᠭᠤᠷᠪᠠ ᠳᠤ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢ | ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ︔ ᠳᠥᠷᠪᠡ ᠳᠤ ᠴᠠᠭᠳᠠᠭ᠎ᠠ ᠪᠣᠯᠣᠨ ᠠᠵᠤ ᠠᠬᠤᠶᠢᠯᠠᠯ ᠬᠠᠮᠲᠤᠷᠠᠨ | ᠬᠥᠳᠡᠯᠦᠯᠴᠡᠬᠦ ᠶᠢ ᠴᠢᠩᠭᠠᠳᠬᠠᠪᠠ᠃ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠪᠤᠶᠤ ᠠᠵᠤ | ᠠᠬᠤᠶᠢᠯᠠᠯ ᠤᠨ ᠲᠥᠯᠥᠭᠡᠯᠡᠭᠴᠢᠳ ᠢ ᠤᠷᠢᠵᠤ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠬᠠᠷᠠᠭᠠᠯᠵᠠᠭᠰᠠᠨ ᠰᠢᠢᠳᠪᠦᠷᠢᠯᠡᠬᠦ ᠲᠥᠰᠥᠯ ᠬᠠᠩᠭᠠᠪᠠ | ᠃ | ᠬᠥᠲᠥᠯᠥᠭᠴᠢ᠄ | ᠵᠠᠰᠠᠭ ᠤᠨ ᠣᠷᠳᠣᠨ ᠤ ᠴᠢᠬᠤᠯᠠ ᠬᠠᠤᠯᠢ ᠬᠡᠷᠡᠭᠵᠢᠭᠦᠯᠬᠦ ᠡᠩᠨᠡᠭᠡ ᠪᠣᠯᠣᠭᠰᠠᠨ ᠤ ᠬᠤᠪᠢ ᠳᠤ᠂ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠨᠢ ᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ | ᠠᠵᠢᠯ ᠤᠨ ᠨᠢᠭᠡ ᠪᠣᠯᠣᠭᠰᠠᠨ ᠪᠠᠶᠢᠨ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ | ᠣᠳᠣᠬᠠᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠢ ᠳᠥᠭᠦᠮ ᠲᠠᠨᠢᠯᠴᠠᠭᠤᠯᠵᠤ ᠥᠭᠭᠦᠨ᠎ᠡ | ᠤᠤ︖ | ᠭᠥᠸᠧ ᠸᠧᠢ ᠽᠠᠢ᠄ | ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠵᠤ᠂ ᠡᠯ᠎ᠡ ᠲᠤᠬᠠᠶᠢᠯᠠᠭᠰᠠᠨ ᠠᠵᠢᠯ ᠤᠨ | ᠴᠠᠭᠳᠠᠭᠠᠨ ᠤ ᠲᠥᠷᠥᠯ ᠤᠨ ᠬᠠᠤᠯᠢ ᠲᠦᠭᠡᠮᠡᠯᠵᠢᠭᠦᠯᠦᠭᠡ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ | ︽ᠠᠵᠤ ᠠᠬᠤᠶᠢᠯᠠᠯ ᠳᠤ ᠣᠷᠣᠭᠤᠯᠬᠤ︾ ︽ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠠᠵᠢᠯᠯᠠᠭ᠎ᠠ ᠶᠢ | ᠪᠠᠶᠢᠩᠭᠤ ᠡᠷᠬᠢᠯᠡᠪᠡ᠃ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ︽ᠬᠤᠣᠷ ᠴᠠᠭᠠᠵᠠᠯᠠᠬᠤ ᠶᠢ | ᠤᠬᠠᠭᠤᠯᠬᠤ ᠡᠳᠦᠷ︾ ︽ᠢᠷᠭᠡᠨ ᠤ ᠬᠠᠤᠯᠢ ᠶᠢᠨ ᠪᠢᠴᠢᠭ ᠢ ᠤᠬᠠᠭᠤᠯᠬᠤ ᠰᠠᠷ᠎ᠠ︾ ᠵᠡᠷᠭᠡ ᠴᠢᠬᠤᠯᠠ | ᠤᠬᠠᠭᠤᠯᠭ᠎ᠠ ᠶᠢᠨ ᠵᠠᠩᠭᠢᠯᠠᠭ᠎ᠠ ᠶᠢᠨ ᠴᠡᠭ ᠢ ᠠᠰᠢᠭᠯᠠᠨ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠤᠯᠢ ᠴᠠᠭᠠᠵᠠ ᠶᠢ | ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠣᠳᠣᠬᠠᠨ ᠳᠤ ᠣᠯᠠᠨ ᠭᠠᠷᠴᠤ ᠪᠠᠶᠢᠭ᠎ᠠ ᠴᠠᠬᠢᠯᠭᠠᠨ | ᠬᠤᠯᠪᠣᠭ᠎ᠠ ᠪᠠᠷ ᠮᠡᠬᠡᠯᠡᠬᠦ ᠬᠡᠷᠡᠭ ᠲᠤ ᠴᠢᠭᠯᠡᠭᠦᠯᠦᠨ᠂ ᠪᠥᠬᠦ ᠲᠠᠯ᠎ᠠ ᠶᠢᠨ ᠬᠦᠴᠦᠨ ᠢᠶᠠᠷ ᠮᠡᠬᠡᠯᠡᠯ ᠢ ᠡᠰᠡᠷᠭᠦᠴᠡᠬᠦ | ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠬᠤᠲᠠ ᠶᠢᠨ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠠᠴᠠ | ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ᠂ ᠠᠵᠤ ᠠᠬᠤᠶᠢᠯᠠᠯ᠂ ᠵᠠᠭᠤᠴᠢᠯᠠᠭᠤᠷ᠂ ᠠᠵᠢᠯ ᠲᠥᠷᠥᠯ ᠤᠨ | ᠨᠡᠶᠢᠭᠡᠮᠯᠢᠭ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠲᠠᠢ ᠬᠠᠷᠢᠯᠴᠠᠨ ᠨᠢᠭᠲᠠ ᠬᠠᠮᠵᠢᠯᠴᠠᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠮᠡᠬᠡᠯᠡᠯ ᠢ ᠡᠰᠡᠷᠭᠦᠴᠡᠬᠦ ᠣᠯᠠᠨ ᠶᠠᠩᠵᠤ ᠬᠡᠯᠪᠡᠷᠢ ᠶᠢᠨ | ᠤᠬᠠᠭᠤᠯᠭ᠎ᠠ ᠶᠢ ᠥᠷᠨᠢᠭᠦᠯᠪᠡ᠃ ᠡᠭᠦᠨ ᠠᠴᠠ ᠭᠠᠳᠠᠨ᠎ᠠ ᠰᠢ ᠯᠥᠸᠧ ᠹᠧᠩ ᠵᠡᠭᠡᠯᠢ ᠶᠢᠨ ᠨᠡᠶᠢᠭᠡᠮ ᠲᠣᠭᠤᠷᠢᠭ ᠲᠤ | ᠠᠩᠬᠠᠳᠠᠭᠴᠢ ᠨᠡᠶᠢᠭᠡᠮ ᠲᠣᠭᠤᠷᠢᠭ ᠤᠨ ᠮᠡᠬᠡᠯᠡᠯ ᠢ ᠡᠰᠡᠷᠭᠦᠴᠡᠬᠦ ᠠᠵᠢᠯ ᠤᠨ ᠦᠷᠳᠡᠭᠡ ᠶᠢ ᠪᠠᠶᠢᠭᠤᠯᠤᠨ᠂ ᠤᠯᠠᠨ | ᠲᠦᠮᠡᠨ ᠲᠠᠢ ᠣᠶᠢᠷᠠᠳᠴᠤ᠂ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ᠂ ᠪᠦᠬᠦ ᠨᠡᠶᠢᠭᠡᠮ ᠢᠶᠠᠷ ᠢᠶᠠᠨ ᠮᠡᠬᠡᠯᠡᠯ ᠢ | ᠡᠰᠡᠷᠭᠦᠴᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠬᠥᠲᠥᠯᠥᠭᠴᠢ᠄ | ᠳᠡᠭᠡᠷᠡᠬᠢ ᠶᠠᠷᠢᠯᠴᠠᠭ᠎ᠠ ᠪᠠᠷ ᠳᠠᠮᠵᠢᠨ ᠪᠢᠳᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢᠵᠢᠯ ᠤᠨ | ᠪᠦᠲᠦᠭᠡᠨ ᠪᠠᠶᠢᠭᠤᠯᠤᠯᠲᠠ ᠶᠢᠨ ᠴᠢᠬᠤᠯᠠ ᠠᠵᠢᠯ ᠪᠣᠯᠣᠨ ᠦᠷ᠎ᠡ ᠪᠦᠲᠦᠮᠵᠢ ᠶᠢ ᠶᠡᠭᠡ ᠲᠥᠯᠥᠪ ᠣᠶᠢᠯᠠᠭᠠᠯ᠎ᠠ᠂ | ᠲᠡᠭᠡᠪᠡᠯ ᠬᠤᠵᠢᠮ ᠤᠨ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤᠮᠳᠠ ᠶᠠᠮᠠᠷ ᠭᠤᠣᠯᠳᠠᠯᠭ᠎ᠠ ᠶᠢ | ᠡᠵᠡᠮᠳᠡᠬᠦ ᠴᠢᠬᠤᠯᠠ ᠲᠠᠢ ᠪᠠᠶᠢᠨ᠎ᠠ︖ | ᠭᠥᠸᠧ ᠸᠧᠢ ᠽᠠᠢ᠄ | ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠡᠷᠬᠡᠪᠰᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠵᠤ᠂ ᠬᠠᠤᠯᠢᠵᠢᠯ ᠤᠨ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠴᠥᠬᠦᠷᠡᠰᠢ ᠦᠭᠡᠢ ᠵᠢᠷᠤᠮᠵᠢᠭᠤᠯᠵᠤ᠂ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ | ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢᠵᠢᠯ ᠤᠨ ᠬᠢᠷᠢ ᠲᠦᠪᠰᠢᠨ ᠪᠣᠯᠣᠨ | ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ | ᠬᠠᠮᠢᠶᠠᠷᠤᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠲᠣᠪᠴᠢᠶᠠᠨ ᠳᠠᠷᠤᠭ᠎ᠠ ᠶᠦᠨ ᠰᠢᠶᠠᠩ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ ᠲᠥᠷᠥ ᠶᠢᠨ | ᠭᠡᠰᠢᠭᠦᠨ ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠳᠡᠳ᠋ ᠳᠠᠷᠤᠭ᠎ᠠ ᠸᠠᠩ ᠬᠦᠶ ᠹᠠᠩ ᠳᠤ | ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ | ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ |