ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ᠤᠨ ᠬᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠴᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ 100 ᠭᠠᠷᠤᠶ ᠺᠠᠳ᠋ᠷ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠣᠴᠢᠭᠤᠯᠤᠨ ᠮᠠᠨ ᠤ ᠬᠤᠲᠠ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠡᠷᠡᠭᠯᠡᠭᠰᠡᠨ ᠪᠠᠶᠢᠳᠠᠯ ᠢ ᠣᠶᠢᠯᠠᠭᠠᠬᠤ ᠵᠢᠴᠢ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃      ᠭᠡᠰᠢᠭᠦᠨ ᠺᠠᠳ᠋ᠷᠴᠤᠳ ᠤᠶᠤᠨᠲᠤ ᠬᠤᠲᠠ ᠶᠢᠨ ᠵᠢᠯᠣᠭᠤᠳᠬᠤ ᠲᠥᠪ ᠤᠨ ︽ᠠᠴᠢ ᠬᠠᠷᠢᠭᠤᠯᠠᠨ ᠡᠷᠡᠯᠬᠡᠭᠯᠡᠨ ᠡᠷᠡᠮᠬᠡᠶᠢᠯᠡᠵᠦ ᠤᠷᠤᠭᠰᠢᠯᠠᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢᠨ ᠲᠢᠩᠬᠢᠮ ᠳᠤ ᠬᠦᠷᠴᠦ᠂ ᠲᠠᠶᠢᠯᠤᠮᠵᠢ ᠶᠢ ᠰᠣᠨᠣᠰᠬᠤ᠂ ᠤᠬᠠᠭᠤᠯᠭ᠎ᠠ ᠶᠢᠨ ᠹᠢᠯᠢᠮ ᠢ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠤᠨ ᠥᠪᠥᠷ ᠮᠣᠩᠭᠤᠯ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠳᠦᠭᠡᠨ ᠪᠠᠶᠢᠭᠤᠯᠬᠤ ᠬᠠᠷᠠᠯᠲᠠ ᠡᠭᠦᠷᠭᠡ ᠶᠢ ᠭᠦᠨᠵᠡᠭᠡᠢ ᠰᠤᠷᠤᠯᠴᠠᠨ᠎ᠠ᠃ ︽ᠬᠤᠲᠠ ᠶᠢᠨ ᠶᠡᠭᠡ ᠲᠠᠷᠢᠬᠢ︾ ᠶᠢ ᠠᠵᠢᠯᠯᠠᠭᠤᠯᠵᠤ ᠪᠠᠲᠤᠯᠠᠬᠤ ᠲᠠᠪᠴᠠᠩ ᠳᠤ᠂ ᠭᠡᠰᠢᠭᠦᠨ ᠺᠠᠳ᠋ᠷᠴᠤᠳ ᠪᠠᠰᠠ ᠲᠣᠭᠠᠴᠢᠯᠠᠭᠰᠠᠨ ᠬᠥᠬᠡᠬᠤᠲᠠ ᠶᠢᠨ ᠵᠢᠷᠤᠭ ᠲᠥᠯᠥᠪᠯᠡᠭᠡ᠂ ᠰᠠᠯᠠᠭ᠎ᠠ ᠮᠥᠴᠢᠷ ᠤᠨ ᠲᠣᠭᠠᠴᠢᠯᠠᠭᠰᠠᠨ ᠪᠠᠶᠢᠳᠠᠯ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠᠶᠢᠳᠠᠯ᠂ ᠲᠤᠭ᠎ᠠ ᠪᠠᠷᠢᠮᠲᠠ ᠶᠢ ᠦᠨᠡᠯᠡᠨ ᠵᠢᠱᠢᠭᠰᠡᠨ ᠪᠠᠶᠢᠳᠠᠯ ᠵᠡᠷᠭᠡ ᠲᠠᠯ᠎ᠠ ᠠᠴᠠ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ᠂ ᠲᠣᠭᠠᠴᠢᠯᠠᠭᠰᠠᠨ ᠵᠠᠰᠠᠭ ᠤᠨ ᠶᠠᠪᠤᠳᠠᠯ᠂ ᠲᠣᠭᠠᠴᠢᠯᠠᠭᠰᠠᠨ ᠰᠣᠶᠣᠯ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠠᠮᠢ ᠠᠬᠤᠢ ᠶᠢᠨ ᠪᠣᠯᠪᠠᠰᠤᠨ ᠵᠡᠷᠭᠡ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠵᠢᠴᠢ ᠡᠯ᠎ᠡ ᠰᠢᠰᠲ᠋ᠧᠮ ᠤᠨ ᠲᠠᠪᠴᠠᠩ ᠤᠨ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ᠂ ᠬᠤᠳᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠦᠵᠡᠭᠦᠯᠦᠭᠰᠡᠨ ᠠᠷᠠᠳ ᠲᠤ ᠲᠦᠭᠦᠮ ᠦᠵᠡᠭᠦᠯᠬᠦ᠂ ᠠᠷᠠᠳ ᠲᠤ ᠦᠢᠯᠡᠴᠢᠯᠡᠬᠦ ᠦᠢᠯᠡᠳᠦᠯ ᠵᠡᠷᠭᠡ ᠶᠢ ᠨᠠᠷᠢᠨ ᠣᠶᠢᠯᠠᠭᠠᠪᠠ᠃      ᠭᠡᠰᠢᠭᠦᠨ ᠺᠠᠳ᠋ᠷᠴᠤᠳ ᠨᠢᠭᠡ ᠵᠠᠮ ᠰᠣᠨᠣᠰᠴᠤ᠂ ᠨᠢᠭᠡ ᠵᠠᠮ ᠦᠵᠡᠵᠦ᠂ ᠰᠠᠨᠠᠯ ᠨᠢᠭᠡᠲᠡᠶ ᠢᠯᠡᠷᠬᠡᠶᠢᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ  ᠵᠢᠭᠠᠭᠰᠠᠨ ᠵᠠᠮ ᠢᠶᠠᠷ ᠡᠷᠡᠰ ᠭᠤᠶᠢᠪᠢᠰᠢ ᠦᠭᠡᠶ ᠪᠠᠷ ᠡᠷᠡᠯᠬᠡᠭᠯᠡᠨ ᠤᠷᠤᠭᠰᠢᠯᠠᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠳᠦᠭᠡᠨ ᠪᠠᠶᠢᠭᠤᠯᠬᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠡᠭᠦᠷᠭᠡᠯᠡᠯ ᠢ ᠢᠯᠡᠷᠡᠭᠦᠯᠵᠦ ᠂ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号