ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠳᠡᠭᠡᠪᠦᠷᠯᠡᠪᠡ
ᠨᠡᠶᠢᠲᠡᠯᠡᠭᠰᠡᠨ ᠴᠠᠭ᠄
2024/4/15
 
     4 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠳᠡᠭᠡᠪᠦᠷᠯᠡᠭᠰᠡᠨ ᠨᠢ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠠᠰᠠ ᠨᠢᠭᠡᠨ ᠴᠢᠬᠤᠯᠠ ᠵᠠᠩᠭᠢᠯᠠᠭ᠎ᠠ ᠶᠢᠨ ᠴᠡᠭ ᠤᠨ ᠬᠠᠷᠠᠯᠲᠠ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃      ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠪᠣᠯ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠪᠠ ᠨᠢᠰᠬᠡᠯ ᠤᠨ ᠪᠠᠭᠤᠳᠠᠯ ᠤᠨ ᠥᠨᠳᠥᠷ ᠲᠤᠯᠭᠠᠭᠤᠷᠲᠤ ᠬᠥᠭᠦᠷᠭᠡ ᠶᠢᠨ ᠬᠤᠭᠤᠷᠣᠨᠳᠤ ᠪᠠᠶᠢᠷᠢᠰᠢᠵᠤ᠂ ᠡᠮᠦᠨ᠎ᠡ ᠤᠮᠠᠷ᠎ᠠ ᠳᠤ ᠲᠣᠰ ᠲᠣᠰ 2 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠲᠠᠩ ᠪᠡᠶᠡᠲᠦ ᠪᠠᠷᠢᠯᠭ᠎ᠠ ᠪᠠᠶᠢᠭᠤᠯᠵᠤ ᠪᠠᠶᠢᠨ᠎ᠠ᠃ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠭᠤᠣᠯ ᠴᠣᠭᠴᠠ ᠶᠢᠨ ᠪᠦᠲᠦᠴᠡ ᠶᠢ ᠤᠷᠤᠭᠰᠢᠲᠠᠢ ᠪᠠᠷ ᠳᠡᠭᠡᠪᠦᠷᠯᠡᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠵᠢᠯᠤᠭᠤᠳᠬᠤ ᠭᠠᠵᠠᠷ ᠨᠢ ᠶᠡᠷᠦᠩᠬᠡᠢ ᠠᠬᠢᠴᠠ ᠶᠢᠨ ᠲᠥᠯᠥᠪᠯᠡᠭᠡ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ᠂ ᠬᠠᠶᠢᠨ ᠪᠠᠶᠢᠴᠠᠭᠠᠬᠤ ᠵᠡᠷᠭᠡ ᠨᠢᠭᠡᠴᠢ ᠶᠢ ᠵᠦᠢ ᠵᠣᠬᠢᠰᠲᠠᠢ ᠵᠣᠬᠢᠶᠠᠨ ᠪᠠᠶᠢᠭᠤᠯᠵᠤ᠂ ᠥᠨᠳᠥᠷ ᠦᠷ᠎ᠡ ᠪᠦᠲᠦᠮᠵᠢ ᠲᠠᠢ ᠴᠢᠨᠠᠷ ᠰᠠᠶᠢᠲᠠᠢ ᠪᠠᠷᠢᠯᠭ᠎ᠠ ᠪᠠᠷᠢᠬᠤ ᠳᠤ ᠳᠥᠭᠦᠮ ᠳᠥᠲᠡ ᠨᠥᠬᠦᠴᠡᠯ ᠬᠠᠩᠭᠠᠵᠤ᠂ ᠡᠯ᠎ᠡ ᠪᠠᠷᠢᠯᠭ᠎ᠠ ᠪᠠᠷᠢᠬᠤ ᠨᠢᠭᠡᠴᠢ ᠨᠢ ᠬᠦᠴᠢᠷᠳᠡᠯ ᠢ ᠢᠯᠠᠨ ᠳᠠᠪᠠᠵᠤ᠂ ᠪᠠᠷᠢᠯᠭ᠎ᠠ ᠶᠢᠨ ᠶᠠᠰᠤ ᠴᠢᠨᠠᠷ ᠬᠢᠭᠡᠳ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢᠨ ᠬᠤᠣᠰ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠪᠡ᠃      ᠰᠤᠷᠪᠤᠯᠵᠢᠯᠠᠭᠴᠢ ᠶᠦᠨ ᠶᠠᠨ ᠹᠠᠩ   ᠳᠠᠳᠤᠯᠭ᠎ᠠ ᠶᠢᠨ ᠰᠤᠷᠪᠤᠯᠵᠢᠯᠠᠭᠴᠢ ᠰᠢᠩ ᠷᠦᠢ ᠵᠢᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号