ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ | ᠲᠦᠪᠰᠢᠨ ᠤ ᠠᠯᠪᠠᠨ ᠭᠡᠷ ᠤᠨ ᠬᠤᠷᠠᠯᠳᠤᠭᠤᠯᠤᠭᠰᠠᠨ ᠶᠢᠰᠦᠳᠡᠬᠢ ᠪᠦᠭᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 4 | ᠰᠠᠷ᠎ᠠ ᠶᠢᠨ 15 ᠤ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ | ᠲᠠᠰᠢᠷᠠᠮ ᠳᠤ᠂ ᠪᠦᠭᠦ ᠣᠷᠣᠨ ᠢᠶᠠᠷ ᠢᠶᠠᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠤᠢ︾ ᠭᠡᠬᠦ ᠭᠤᠣᠯ ᠰᠡᠳᠦᠪ ᠤᠨ ᠲᠣᠭᠤᠷᠢᠨ ᠳᠤ | ᠪᠠᠶᠠᠯᠢᠭ ᠠᠭᠤᠯᠭ᠎ᠠ ᠲᠠᠢ ᠰᠢᠷᠢᠰ ᠠᠵᠢᠯᠯᠠᠭ᠎ᠠ ᠥᠷᠨᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢᠨ ᠵᠢᠯᠣᠭᠤᠳᠤᠯᠭ᠎ᠠ ᠳᠣᠣᠷ᠎ᠠ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠲᠠᠯ᠎ᠠ ᠪᠠᠷ | ᠣᠯᠣᠭᠰᠠᠨ ᠠᠮᠵᠢᠯᠲᠠ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠤᠰ ᠤᠨ ᠠᠮᠤᠷ ᠲᠦᠪᠰᠢᠨ ᠤ | ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠬᠦᠴᠦᠯᠡᠨ ᠠᠬᠢᠭᠤᠯᠵᠤ ᠪᠤᠢ᠃ | ᠲᠣᠰ ᠤᠳᠠᠭ᠎ᠠ ᠶᠢᠨ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢ ᠤᠶᠠᠯᠳᠤᠭᠤᠯᠬᠤ | ᠠᠷᠭ᠎ᠠ ᠮᠠᠶ᠋ᠢᠭ ᠢᠶᠠᠷ ᠥᠷᠨᠢᠭᠦᠯᠵᠦ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠨ᠂ ᠤᠬᠠᠭᠤᠯᠭ᠎ᠠ ᠶᠢᠨ | ᠠᠭᠤᠯᠭ᠎ᠠ ᠪᠠ ᠭᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠭᠢᠯᠠᠰ ᠴᠡᠭ ᠢ ᠪᠤᠶ ᠪᠣᠯᠭᠠᠵᠠᠢ᠃ | ︽ᠪᠢ ᠬᠡᠦᠬᠡᠳ ᠢᠶᠠᠨ ᠳᠠᠭᠠᠭᠤᠯᠤᠨ ︿ᠤᠯᠤᠰ ᠤᠨ ᠠᠮᠤᠷ ᠲᠦᠪᠰᠢᠨ ᠨᠡᠷᠡᠮᠵᠢᠲᠦ﹀ ᠭᠠᠵᠠᠷ ᠳᠣᠣᠷᠠᠬᠢ | ᠭᠠᠯᠲᠤ ᠲᠡᠷᠭᠡᠨ ᠳᠤ ᠰᠠᠭᠤᠪᠠ᠂ ᠬᠡᠦᠬᠡᠳ ᠮᠢᠨᠢ ᠨᠡᠩ ᠤᠯᠠᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ | ᠣᠶᠢᠯᠠᠭᠠᠬᠤ ᠶᠢ ᠬᠦᠰᠡᠵᠦ ᠪᠠᠶᠢᠨ᠎ᠠ︾ ᠭᠡᠵᠦ ᠭᠦᠭᠡᠬᠤᠲᠠ ᠶᠢᠨ ᠰᠠᠭᠤᠭᠠᠯᠢ ᠠᠷᠠᠳ ᠯᠢ ᠠᠪᠠᠭ᠋ᠠᠢ ᠬᠡᠯᠡᠪᠡ᠃ 4 | ᠰᠠᠷ᠎ᠠ ᠶᠢᠨ 10 ᠤ ᠡᠳᠦᠷ᠂ ᠮᠠᠨ ᠤ ᠣᠷᠣᠨ ᠤ ᠠᠩᠬᠠᠳᠠᠭᠴᠢ ︽ᠤᠯᠤᠰ ᠤᠨ ᠠᠮᠤᠷ ᠲᠦᠪᠰᠢᠨ ᠨᠡᠷᠡᠮᠵᠢᠲᠦ︾ | ᠭᠤᠣᠯ ᠰᠡᠳᠦᠪᠲᠦ ᠭᠠᠵᠠᠷ ᠳᠣᠣᠷᠠᠬᠢ ᠭᠠᠯᠲᠤ ᠲᠡᠷᠭᠡ ᠭᠦᠭᠡᠬᠤᠲᠠ ᠳᠤ ᠠᠶᠠᠨ ᠢᠶᠠᠨ ᠡᠬᠢᠯᠡᠭᠦᠯᠪᠡ᠃ ︽ᠤᠯᠤᠰ ᠤᠨ | ᠠᠮᠤᠷ ᠲᠦᠪᠰᠢᠨ ᠨᠡᠷᠡᠮᠵᠢᠲᠦ︾ ᠲᠤᠰᠬᠠᠢ ᠭᠠᠵᠠᠷ ᠳᠣᠣᠷᠠᠬᠢ ᠭᠠᠯᠲᠤ ᠲᠡᠷᠭᠡ ᠶᠢ ᠨᠡᠪᠲᠡᠷᠡᠭᠦᠯᠦᠭᠰᠡᠨ ᠨᠢ ᠮᠠᠨ ᠤ | ᠣᠷᠣᠨ ᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠠᠭ ᠦᠶ᠎ᠡ ᠶᠢ ᠳᠠᠭᠠᠵᠤ᠂ ᠪᠦᠭᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠢ ᠥᠷᠨᠢᠭᠦᠯᠦᠭᠰᠡᠨ ᠪᠠᠰᠠ ᠨᠢᠭᠡᠨ ᠠᠷᠭ᠎ᠠ ᠬᠢᠳᠡᠯ ᠪᠣᠯᠣᠨ᠎ᠠ᠃ | ︽ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠢᠯᠲᠡ ᠭᠡᠭᠴᠢ ᠶᠠᠭᠤ ᠪᠤᠯᠬᠤ ᠶᠢ ᠬᠡᠨ ᠮᠡᠳᠡᠬᠦ ᠪᠤᠶ︖ | ︾ 4 ᠰᠠᠷ᠎ᠠ ᠶᠢᠨ 10 ᠤ ᠡᠳᠦᠷ᠂ ᠰᠢᠯᠢᠩᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ︽ᠤᠯᠤᠰ ᠤᠨ ᠠᠮᠤᠷ | ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠡᠳᠬᠢᠯ ᠨᠢᠭᠡᠳᠦᠨ | ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠡᠭᠦᠨ ᠦᠵᠦᠮᠦᠴᠢᠨ | ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ ᠬᠡᠦᠬᠡᠳ ᠤᠳ ᠤᠨ ᠰᠡᠳᠬᠢᠯ ᠳᠤ ᠤᠯᠤᠰ ᠤᠨ ᠬᠢᠯᠢ ᠳᠠᠬᠢ | ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠮᠡᠳᠡᠯᠭᠡ ᠶᠢᠨ ᠦᠷ᠎ᠡ ᠶᠢ ᠰᠠᠴᠤᠪᠠ᠃ | ᠪᠦᠭᠦ ᠣᠷᠣᠨ ᠤ ᠡᠯ᠎ᠡ ᠭᠠᠵᠠᠷ ᠤᠨ ᠬᠢᠨ ᠦᠵᠡᠬᠦ ᠰᠤᠨᠤᠰᠬᠤ ᠳᠤᠷᠠᠲᠠᠢ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠬᠦ ᠪᠠᠷ ᠳᠠᠮᠵᠢᠨ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠳᠤ | ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠰᠦᠯᠵᠢᠶᠡᠨ ᠳᠤ | ᠣᠷᠣᠭᠤᠯᠬᠤ ᠶᠢ ᠠᠬᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠤᠷᠤᠯᠴᠠᠨ | ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠳᠠᠰᠤᠷᠠᠯᠳᠠ ᠦᠭᠡᠢ ᠭᠠᠷᠭᠠᠪᠠ᠃ | ᠲᠠᠨᠢᠯᠴᠠᠭᠤᠯᠤᠭᠰᠠᠨ ᠢᠶᠠᠷ᠂ 4 ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠭᠤᠣᠯ | ᠲᠠᠯᠠᠪᠠᠶ ᠶᠢᠨ ᠡᠭᠢᠯᠡᠯᠲᠡ ᠶᠢᠨ ᠶᠣᠰᠣᠯᠠᠯ ᠭᠦᠭᠡᠬᠤᠲᠠ ᠳᠤ ᠶᠠᠪᠤᠭᠳᠠᠵᠤ᠂ ᠲᠤᠬᠠᠢ ᠶᠢᠨ ᠲᠠᠯᠠᠪᠠᠶ ᠳᠤ ᠤᠯᠤᠰ ᠤᠨ | ᠠᠮᠤᠷ ᠲᠦᠪᠰᠢᠨ ᠤ ᠭᠤᠣᠯ ᠰᠡᠳᠦᠪᠲᠦ ᠫᠷᠣᠭ᠍ᠷᠠᠮ ᠤᠨ ᠦᠵᠡᠭᠦᠯᠭᠡ᠂ ᠭᠤᠣᠯ ᠰᠡᠳᠦᠪᠲᠦ ᠭᠡᠷᠡᠯ ᠵᠢᠷᠤᠭ ᠤᠨ | ᠦᠵᠡᠭᠦᠯᠭᠡ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃ ᠡᠭᠦᠨ ᠠᠴᠠ ᠭᠠᠳᠠᠨ᠎ᠠ᠂ ᠡᠯ᠎ᠡ | ᠭᠠᠵᠠᠷ ᠤᠨ ᠬᠢᠨ ᠪᠠᠰᠠ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠣᠷᠣᠨ ᠨᠤᠲᠤᠭ ᠤᠨ ᠣᠨᠴᠠᠯᠢᠭ ᠲᠠᠢ ᠫᠷᠣᠭ᠍ᠷᠠᠮ ᠢ | ᠨᠠᠶᠢᠷᠠᠭᠤᠯᠤᠨ ᠵᠢᠭᠰᠠᠭᠠᠵᠤ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ | ᠦᠨᠳᠦᠰᠦᠨ ᠱᠠᠲᠤᠨ ᠤ ᠡᠮᠦᠨ᠎ᠡ ᠹᠷᠣᠨᠲ ᠲᠤ ︽ᠤᠯᠤᠰ ᠤᠨ ᠠᠮᠤᠷ ᠲᠦᠪᠰᠢᠨ ᠳᠡᠷᠭᠡᠳᠡ ᠴᠢᠨᠢ ᠪᠠᠶᠢᠨ᠎ᠠ︾ ᠭᠡᠬᠦ | ᠰᠢᠯᠢᠳᠡᠭ ᠫᠷᠣᠭ᠍ᠷᠠᠮ ᠢ ᠲᠥᠯᠥᠪᠯᠡᠭᠡ ᠲᠠᠢ᠂ ᠬᠠᠨᠳᠤᠯᠭᠠᠲᠤ ᠴᠢᠨᠠᠷᠲᠠᠢ ᠳᠡᠯᠭᠡᠨ ᠦᠵᠡᠭᠦᠯᠵᠦ᠂ ᠪᠦᠭᠦ ᠣᠷᠣᠨ ᠤ | ᠳᠥᠷᠪᠡᠳᠦᠭᠡᠷ ᠬᠤᠭᠤᠴᠠᠭᠠᠨ ᠤ ︽ᠤᠮᠠᠷᠠᠲᠤ ᠬᠢᠯᠢ ᠳᠠᠬᠢ ᠤᠯᠤᠰ ᠤᠨ ᠠᠮᠤᠷ ᠲᠦᠪᠰᠢᠨ︾ ᠤᠷᠠᠨ ᠪᠢᠴᠢᠯᠭᠡ | ᠤᠷᠠᠨ ᠵᠢᠷᠤᠭ ᠭᠡᠷᠡᠯ ᠵᠢᠷᠤᠭ ᠤᠨ ᠰᠢᠯᠢᠳᠡᠭ ᠪᠦᠲᠦᠭᠡᠯ ᠢ ᠰᠢᠯᠭᠠᠷᠠᠭᠤᠯᠬᠤ᠂ ᠭᠤᠷᠪᠠᠳᠤᠭᠠᠷ ᠬᠤᠭᠤᠴᠠᠭᠠᠨ ᠤ ︽ᠪᠢ | ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠲᠠᠢ ᠬᠠᠮᠲᠤ︾ ᠭᠡᠬᠦ ᠭᠤᠣᠯ ᠰᠡᠳᠦᠪᠲᠦ ᠰᠢᠯᠦᠭ ᠢ | ᠰᠢᠯᠭᠠᠷᠠᠭᠤᠯᠬᠤ ᠵᠡᠷᠭᠡ ᠢᠯᠡ ᠲᠣᠳᠣ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ | ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠵᠤ᠂ ᠪᠦᠭᠦ | ᠠᠷᠠᠳ ᠢᠶᠠᠷ ᠢᠶᠠᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠥᠳᠬᠡᠨ ᠠᠭᠤᠷ ᠠᠮᠢᠰᠬᠤᠯ ᠢ | ᠪᠤᠶ ᠪᠣᠯᠭᠠᠪᠠ᠃ |