ᠮᠣᠳᠣ ᠳᠠᠷᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠬᠠᠮᠲᠤᠪᠠᠷ ᠪᠦᠳᠦᠭᠡᠨ ᠪᠠᠶᠢᠭᠤᠯᠤᠶ᠎ᠠ — ᠬᠤᠷᠢᠨᠭᠡᠷ ᠰᠢᠶᠠᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/16
     ᠡᠪᠡᠰᠦ ᠮᠣᠳᠣ ᠰᠣᠶᠣᠭᠠᠯᠠᠵᠤ᠂ ᠬᠠᠪᠤᠷ ᠤᠨ ᠦᠵᠡᠮᠵᠢ ᠪᠢᠯᠬᠠᠮ᠎ᠠ᠂ ᠶᠠᠭ ᠰᠠᠶᠢᠬᠠᠨ ᠮᠣᠳᠣ ᠳᠠᠷᠢᠬᠤ ᠰᠠᠶᠢᠬᠠᠨ ᠴᠠᠭ ᠦᠶ᠎ᠡ ᠪᠣᠯᠤᠨ᠎ᠠ᠃ 4 ᠰᠠᠷ᠎ᠠ ᠶᠢᠨ 15 ᠤ ᠡᠳᠦᠷ᠂ ᠬᠤᠷᠢᠨᠭᠡᠷ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠺᠠᠳ᠋ᠷ ᠵᠢᠴᠢ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠠᠵᠢᠯᠳᠠᠨ ᠠᠵᠢᠯᠴᠢᠨ ᠮᠠᠨ ᠤ ᠰᠢᠶᠠᠨ ᠤ ︽ᠤᠮᠠᠷᠠᠲᠤ ᠶᠢᠨ ᠭᠤᠷᠪᠠᠨ ᠣᠷᠣᠨ︾ ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠨ ᠪᠦᠳᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ︽ᠮᠣᠳᠣ ᠲᠠᠷᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠬᠠᠮᠲᠤᠪᠠᠷ ᠪᠦᠳᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠢᠷᠭᠡᠳ ᠤᠨ ᠮᠣᠳᠣ ᠲᠠᠷᠢᠬᠤ ᠡᠭᠦᠷᠭᠡ ᠶᠢ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠵᠡᠢ᠃      ᠯᠢ ᠯᠢᠦ ᠰᠢᠶᠤᠤ᠂ ᠭᠤᠤ ᠹᠧᠩ᠂ ᠵᠠᠩ ᠴᠢᠤᠸᠠᠨ ᠱᠧᠩ᠂ ᠸᠠᠩ ᠯᠠᠶ ᠵᠤ᠋ ᠵᠡᠷᠭᠡ ᠰᠢᠶᠠᠨ ᠤ ᠤᠳᠤᠷᠢᠳᠤᠯᠭ᠎ᠠ ᠵᠢᠴᠢ ᠺᠠᠳ᠋ᠷ ᠣᠯᠠᠨ ᠲᠦᠮᠡᠨ᠂ ᠰᠠᠶᠢᠨ ᠳᠤᠷ᠎ᠠ ᠶᠢᠨ ᠠᠵᠢᠯᠯᠠᠭᠴᠢᠳ ᠬᠠᠮᠲᠤ ᠪᠠᠷ ᠤᠯᠤᠰ ᠤᠨ ᠨᠠᠨ ᠲᠢᠶᠠᠨ ᠮᠧᠨ ᠣᠶ ᠰᠢᠭᠤᠶ ᠶᠢᠨ ᠲᠠᠯᠠᠪᠠᠶ ᠶᠢᠨ ᠴᠧᠩ ᠭᠤᠸᠠᠨ ᠤ ᠠᠵᠢᠯᠯᠠᠬᠤ ᠲᠣᠭᠤᠷᠢᠭ ᠤᠨ 2024 ᠣᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠵᠤ᠂ ᠴᠢᠬᠢ ᠶᠢ ᠪᠣᠰᠬᠠᠬᠤ᠂ ᠰᠢᠷᠣᠢ ᠮᠠᠯᠲᠠᠬᠤ᠂ ᠪᠤᠯᠠᠬᠤ᠂ ᠤᠰᠤᠯᠠᠬᠤ ᠵᠡᠷᠭᠡ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠰᠡᠳᠬᠢᠯ ᠰᠠᠨᠠᠭ᠎ᠠ ᠪᠠᠨ ᠣᠯᠣᠯᠴᠠᠵᠠᠢ᠃ ᠰᠢᠷᠭᠠᠭᠤ ᠬᠠᠲᠠᠭᠤᠵᠢᠯᠲᠠᠢ ᠠᠵᠢᠯᠯᠠᠭ᠎ᠠ ᠪᠠᠷ ᠳᠠᠮᠵᠢᠭᠠᠳ᠂ ᠨᠢᠭᠡ ᠰᠠᠭᠤᠷᠢ ᠰᠢᠨ᠎ᠡ ᠪᠠᠷ ᠲᠠᠷᠢᠭᠰᠠᠨ ᠵᠤᠯᠵᠠᠭ᠎ᠠ ᠮᠣᠳᠣ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠡᠩᠭᠡ ᠲᠠᠶᠢᠪᠤᠩ ᠤᠢ ᠰᠢᠭᠤᠢ ᠶᠢᠨ ᠡᠬᠡ ᠭᠠᠵᠠᠷ ᠲᠤ ᠰᠢᠨ᠎ᠡ ᠨᠣᠭᠤᠭᠠᠨ ᠦᠩᠭᠡ ᠶᠢ ᠨᠡᠮᠡᠷᠢᠯᠡᠵᠡᠢ᠃      ᠲᠤᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠤᠨ ᠲᠥᠯᠥᠪᠵᠢᠭᠦᠯᠦᠭᠰᠡᠨ ᠲᠠᠯᠠᠪᠠᠶ ᠨᠢ 200 ᠮᠥ᠂ ᠭᠤᠷᠪᠠᠨ ᠬᠡᠰᠡᠭ ᠲᠣᠭᠤᠷᠢᠭ ᠬᠤᠪᠢᠶᠠᠵᠤ᠂ ᠮᠣᠳᠣᠨ ᠤ ᠲᠥᠷᠥᠯ ᠢ ᠰᠣᠩᠭᠤᠬᠤ ᠳᠤ ᠠᠮᠢ ᠠᠬᠤᠶ ᠶᠢᠨ ᠴᠢᠳᠠᠮᠵᠢ ᠠᠴᠠ ᠭᠠᠳᠠᠨ᠎ᠠ᠂ ᠨᠠᠩ ᠢᠯᠡᠭᠦᠤ ᠦᠵᠡᠮᠦᠷᠢ ᠶᠢᠨ ᠦᠨ᠎ᠡ ᠥᠷᠲᠡᠭ ᠪᠠ ᠠᠵᠤ ᠠᠬᠤᠶ ᠶᠢᠨ ᠦᠨ᠎ᠡ ᠥᠷᠲᠡᠭ ᠲᠠᠢ ᠪᠠᠶᠢᠵᠤ᠂ ᠪᠦᠰᠡᠯᠢᠭ ᠬᠡᠯᠪᠡᠷᠢ ᠶᠢᠨ ᠬᠤᠯᠢᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠤᠯ ᠤᠨ ᠪᠠᠶᠢᠭᠰᠠᠨ ᠰᠡᠶᠢᠷᠡᠭ ᠨᠢᠮᠭᠡᠯᠢᠭ ᠪᠤᠲᠠ ᠮᠣᠳᠣᠨ ᠤ ᠣᠶ ᠶᠢᠨ ᠭᠠᠵᠠᠷ ᠲᠤ ᠲᠤᠭᠤᠷ᠂ ᠤᠯᠠᠭᠠᠨ ᠭᠦᠢᠯᠡᠰᠦ᠂ ᠬᠦᠢᠯᠡᠰᠦᠨ ᠮᠣᠳᠣ᠂ 123 ᠠᠯᠮᠤᠷᠠᠳ ᠵᠡᠷᠭᠡ ᠮᠣᠳᠣᠨ ᠤ ᠲᠥᠷᠥᠯ ᠢ ᠵᠠᠶᠢᠯᠠᠵᠤ᠂ ︽ᠪᠦᠲᠦᠭᠡᠭᠳᠡᠬᠦᠨ︾ ᠥᠰᠥᠭ ᠤᠨ ᠬᠡᠯᠪᠡᠷᠢ ᠪᠠᠷ ᠦᠷᠦᠵᠦ᠂ ᠮᠠᠭᠤᠳᠠᠭᠰᠠᠨ ᠣᠶ ᠶᠢ ᠰᠡᠷᠭᠦᠭᠡᠨ᠂ ᠳᠡᠭᠡᠭᠰᠢᠯᠡᠭᠦᠯᠵᠦ᠂ ᠥᠭᠡᠷᠡᠴᠢᠯᠡᠵᠦ᠂ ᠠᠮᠢ ᠠᠬᠤᠶ᠂ ᠦᠵᠡᠮᠵᠢ᠂ ᠠᠵᠤ ᠠᠬᠤᠶ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠣᠶ ᠪᠣᠯᠭᠠᠨ ᠪᠥᠲᠥᠭᠡᠨ ᠪᠠᠶᠢᠭᠤᠯᠤᠨ᠎ᠠ᠃      ᠬᠤᠷᠢᠨᠭᠡᠷ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠪᠦᠬᠦ ᠰᠢᠶᠠᠨ ᠤ ᠵᠣᠬᠢᠬᠤ ᠨᠠᠰᠤᠨ ᠤ ᠠᠷᠠᠳ ᠢᠷᠭᠡᠳ ᠢ ᠤᠷᠢᠶᠠᠯᠠᠨ ᠰᠦᠯᠵᠢᠶᠡᠨ ᠠᠴᠠ ᠭᠠᠳᠠᠭᠤᠷᠬᠢ ᠠᠯᠪᠠᠨ ᠵᠢᠷᠤᠮ ᠤᠨ ᠮᠣᠳᠣ ᠲᠠᠷᠢᠬᠤ ᠪᠠ ᠰᠦᠯᠵᠢᠶᠡᠨ ᠠᠴᠠ ᠭᠠᠳᠠᠭᠤᠷᠬᠢ ︽ᠬᠤᠷᠢᠨᠭᠡᠷ ᠤᠨ ᠲᠦᠯᠦᠭᠡ ᠤᠢ ᠮᠣᠳᠣ ᠲᠠᠷᠢᠬᠤ︾ ᠢᠨᠲ᠋ᠧᠷ ᠰᠦᠯᠵᠢᠶ᠎ᠡ + ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢᠨ ᠠᠷᠭ᠎ᠠ ᠬᠡᠯᠪᠡᠷᠢ ᠳᠤ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ︾ ᠠᠮᠢ ᠠᠬᠤᠢ ᠶᠢᠨ ᠪᠣᠯᠪᠠᠰᠤᠨ ᠤ ᠰᠢᠨ᠎ᠡ ᠰᠤᠷᠲᠠᠯ ᠢ ᠪᠠᠳᠠᠷᠠᠭᠤᠯᠵᠤ᠂ ᠬᠤᠷᠢᠨᠭᠡᠷ ᠤᠨ ︽ᠪᠣᠬᠢᠷᠲᠤᠯ ᠦᠭᠡᠢ ᠰᠠᠭᠤᠷᠢ︾ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号