ᠱᠠᠪᠠᠭ᠋ᠠᠢ ᠰᠢᠶᠠᠩ ︽4 · 15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
     ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠱᠠᠪᠠᠭ᠋ᠠᠢ ᠰᠢᠶᠠᠩ ᠱᠠᠪᠠᠭ᠋ᠠᠢ ᠪᠠᠭ᠎ᠠ ᠰᠤᠷᠭᠠᠭᠤᠯᠢ᠂ ᠱᠠᠪᠠᠭ᠋ᠠᠢ ᠲᠣᠰᠬᠤᠨ ᠳᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠰᠣᠷᠣᠭᠴᠢ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠢᠶᠠᠷ ᠢᠶᠠᠨ ᠤᠬᠠᠮᠰᠠᠷ ᠠᠴᠠ ᠪᠠᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠡᠯ᠎ᠡ ᠵᠦᠢᠯ ᠤᠨ ᠮᠠᠭᠤ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠨ ᠬᠤᠷᠢᠭᠯᠠᠵᠤ᠂ ᠵᠥᠪ ᠣᠨᠣᠪᠴᠢᠲᠠᠶ ᠰᠦᠯᠵᠢᠶᠡᠨ ᠤ ᠶᠣᠰᠣ ᠮᠣᠷᠠᠯ ᠤᠨ ᠦᠵᠡᠯᠲᠡ ᠶᠢ ᠪᠣᠶ ᠪᠣᠯᠭᠠᠵᠤ᠂ ᠪᠥᠬᠦ ᠠᠷᠠᠳ ᠢᠶᠠᠷ ᠢᠶᠠᠨ ᠬᠠᠤᠯᠢ ᠶᠣᠰᠣᠭᠠᠷ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠤᠷᠢᠶᠠᠯᠠᠪᠠ᠃      ᠠᠵᠢᠯᠯᠠᠭ᠎ᠠ ᠨᠢ ᠪᠠᠰᠠ ᠰᠢᠶᠠᠩ ᠤᠨ ᠵᠠᠰᠠᠭ ᠤᠨ ᠣᠷᠳᠣᠨ ᠤ ᠡᠯᠧᠺᠲᠷᠣᠨ ᠳᠡᠯᠭᠡᠴᠡ ᠳᠡᠭᠡᠷ᠎ᠡ ᠤᠬᠠᠭᠤᠯᠭ᠎ᠠ ᠶᠢᠨ ᠤᠷᠢᠶ᠎ᠠ ᠯᠣᠽᠦ᠋ᠩ ᠪᠠ ᠰᠢᠶᠠᠩ ᠤᠨ ᠸᠢᠴᠠᠲ ᠤᠨ ᠨᠡᠶᠢᠲᠡ ᠶᠢᠨ ᠳ᠋ᠤᠭᠠᠷ ᠢ ᠨᠡᠪᠲᠡᠷᠡᠭᠦᠯᠬᠦ᠂ ᠬᠥᠳᠡᠭᠡ ᠲᠣᠰᠬᠤᠨ ᠤ ᠸᠢᠴᠠᠲ ᠤᠨ ᠠᠵᠢᠯ ᠤᠨ ᠴᠣᠭᠯᠠᠷᠠᠯ ᠳᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠵᠣᠬᠢᠶᠠᠯ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃      ᠭᠡᠷ ᠪᠣᠯ ᠬᠠᠮᠤᠭ ᠤᠨ ᠪᠠᠭ᠎ᠠ ᠤᠯᠤᠰ ᠮᠥᠨ᠂ ᠤᠯᠤᠰ ᠪᠣᠯ ᠮᠢᠩᠭ᠎ᠠ ᠲᠦᠮᠡᠨ ᠭᠡᠷ ᠮᠥᠨ᠃ ᠤᠯᠤᠰ ᠤᠨ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ᠂ ᠤᠯᠤᠰ ᠤᠨ ᠠᠮᠤᠷ ᠲᠦᠪᠰᠢᠨ ᠠᠷᠠᠳ ᠲᠦᠮᠡᠨ ᠤ ᠲᠥᠯᠥᠭᠡ ᠶᠤᠮ᠃ ᠱᠠᠪᠠᠭ᠋ᠠᠢ ᠰᠢᠶᠠᠩ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠤᠭᠰᠠᠨ ᠠᠷᠪᠠᠨ ᠵᠢᠯ ᠤᠨ ᠤᠢ︾ ᠭᠡᠬᠦ ᠭᠤᠣᠯ ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠦᠴᠦᠯᠡᠬᠦ ᠪᠠᠷ ᠳᠠᠮᠵᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠴᠢᠨᠠᠭᠰᠢᠳᠠ ᠠᠬᠢᠭᠤᠯᠵᠤ᠂ ᠤᠯᠤᠰ ᠤᠨ ᠠᠮᠤᠷ ᠲᠦᠪᠰᠢᠨ ᠤ ᠲᠠᠯ᠎ᠠ ᠪᠠᠷ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号