2024 ᠣᠨ ᠤ 1 — 2 ᠳ᠋ᠤᠭᠠᠷ ᠰᠠᠷ᠎ᠠ ᠶᠢᠨ ᠬᠤᠷᠢᠨᠭᠡᠷ ᠰᠢᠶᠠᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/4/17
     2024 ᠣᠨ ᠤ 1 — 2 ᠳ᠋ᠤᠭᠠᠷ ᠰᠠᠷ᠎ᠠ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠥᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢ ᠬᠦᠴᠦᠷᠬᠡᠭᠵᠢᠭᠦᠯᠬᠦ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠬᠠᠷᠠᠯᠲᠠ ᠲᠠᠢ ᠪᠠᠷ ᠬᠦᠴᠦᠯᠡᠨ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠲᠠᠢ ᠪᠣᠯᠵᠣ᠂ ︽ᠡᠬᠢᠯᠡᠯᠲᠡ ᠲᠠᠢ︾ ︽ᠡᠭᠦᠳᠡ ᠪᠠᠨ ᠨᠡᠭᠡᠭᠡᠵᠦ ᠲᠣᠭᠲᠠᠭᠤᠨ︾ ᠪᠠᠶᠢᠬᠤ ᠶᠢ ᠶᠡᠷᠦᠩᠬᠡᠶ ᠳᠡᠭᠡᠨ ᠪᠡᠶᠡᠯᠡᠭᠦᠯᠪᠡ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠲᠣᠭᠲᠠᠭᠤᠨ ᠢᠶᠠᠷ ᠠᠵᠢᠯᠯᠠᠭᠤᠯᠪᠠ      1 — 2 ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 20.4% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 14.7 ᠵᠠᠭᠤᠨ ᠤ ᠨᠢᠭᠡᠴᠢ ᠳᠣᠤᠷ᠎ᠠ ᠪᠣᠯᠵᠠᠶ᠃      ᠬᠤᠶᠠᠷ᠂ ᠲᠣᠭᠲᠠᠮᠠᠯ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ      1 — 2 ᠰᠠᠷ᠎ᠠ ᠳᠤ᠂ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 234.3% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 177.2 ᠵᠠᠭᠤᠨ ᠤ ᠨᠢᠭᠡᠴᠢ ᠥᠨᠳᠥᠷ ᠪᠣᠯᠵᠠᠶ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 62.99% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1008.8% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 219.58% ᠪᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠭᠦᠪᠡ      1 — 2 ᠳ᠋ᠤᠭᠠᠷ ᠰᠠᠷ᠎ᠠ ᠳᠤ᠂ ᠪᠥᠬᠦ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 6.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 2.1 ᠵᠠᠭᠤᠨ ᠤ ᠨᠢᠭᠡᠴᠢ ᠳᠣᠤᠷ᠎ᠠ ᠪᠣᠯᠵᠠᠶ᠃      ᠲᠦᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ      1 — 2 ᠰᠠᠷ᠎ᠠ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.02% ᠢᠶᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 10.68 ᠵᠠᠭᠤᠨ ᠤ ᠨᠢᠭᠡᠴᠢ ᠳᠣᠤᠷ᠎ᠠ ᠪᠣᠯᠵᠠᠶ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 5.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.37% ᠪᠠᠷ ᠨᠡᠮᠡᠭᠳᠡᠪᠡ᠂ ᠡᠭᠦᠨ ᠳᠤ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠵᠠᠮ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ ᠲᠡᠯᠡᠶ ᠲᠠᠩᠭᠢᠰ ᠤᠨ ᠴᠠᠭ ᠠᠭᠤᠷ ᠤᠨ ᠬᠦᠷᠢᠶᠡᠨ ᠳᠠᠬᠢ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 871.34%᠂ 183.68%᠂ 168.42% ᠢᠶᠠᠷ ᠨᠡᠮᠡᠭᠳᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号