| | | ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ | ᠨᠠᠮ ᠵᠠᠰᠠᠭ ᠤᠨ ᠤᠳᠤᠷᠢᠳᠬᠤ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠶᠢᠨ ᠲᠤᠰᠠᠳᠠ᠂ 2024 | ᠣᠨ ᠤ 4 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ | ᠳᠤᠭᠤᠶᠢᠯᠠᠩ ᠲᠣᠮᠢᠯᠠᠵᠤ ᠬᠤᠷᠢᠨᠭᠡᠷ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠤᠤᠯ ᠤᠨ ᠳᠠᠷᠤᠭ᠎ᠠ ᠸᠠᠩ ᠵᠧᠨ ᠰᠢᠶᠠᠩ ᠨᠥᠬᠦᠷ ᠤᠨ ᠲᠤᠰᠢᠶᠠᠯ ᠳᠤ ᠪᠠᠶᠢᠭᠰᠠᠨ ᠬᠤᠭᠤᠴᠠᠭᠠᠨ ᠳᠠᠬᠢ ᠠᠵᠤ | ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠬᠤ ᠴᠡᠭ ᠲᠤ ᠣᠷᠣᠬᠤ ᠬᠤᠷᠠᠯ | ᠬᠤᠷᠠᠯᠳᠤᠭᠤᠯᠪᠠ᠃ ᠬᠤᠷᠠᠯ ᠳᠡᠭᠡᠷ᠎ᠡ᠂ ᠬᠢᠨᠠᠨ ᠪᠤᠳᠤᠬᠤ ᠳᠤᠭᠤᠶᠢᠯᠠᠩ ᠤᠨ ᠳᠠᠷᠤᠭ᠎ᠠ ᠰᠦᠨ ᠰᠢᠶᠠᠨ ᠯᠢ ᠬᠢᠨᠠᠨ | ᠪᠤᠳᠤᠬᠤ ᠮᠡᠳᠡᠭᠳᠡᠯ ᠤᠨ ᠪᠢᠴᠢᠭ ᠪᠣᠯᠤᠨ ᠬᠢᠨᠠᠨ ᠪᠤᠳᠤᠬᠤ ︽ᠨᠠᠢᠮᠠᠨ ᠦᠯᠦ ᠵᠥᠪᠰᠢᠶᠡᠷᠡᠬᠦ︾ ᠠᠵᠢᠯ ᠤᠨ ᠰᠠᠬᠢᠯᠭ᠎ᠠ | ᠪᠠᠲᠤ ᠶᠢ ᠤᠩᠰᠢᠨ ᠨᠡᠶᠢᠲᠡᠯᠡᠵᠦ᠂ ᠬᠢᠨᠠᠨ ᠪᠤᠳᠤᠬᠤ ᠳᠤᠭᠤᠶᠢᠯᠠᠩ ᠲᠤᠰ ᠤᠳᠠᠭ᠎ᠠ ᠶᠢᠨ ᠬᠢᠨᠠᠨ ᠪᠤᠳᠤᠬᠤ ᠠᠵᠢᠯ ᠤᠨ | ᠬᠠᠷᠠᠯᠲᠠ᠂ ᠬᠢᠨᠠᠨ ᠪᠤᠳᠤᠬᠤ ᠬᠡᠪᠴᠢᠶ᠎ᠡ᠂ ᠭᠤᠣᠯ ᠠᠭᠤᠯᠭ᠎ᠠ ᠳᠤ ᠭᠤᠣᠯᠳᠠᠯᠭ᠎ᠠ ᠲᠠᠢ ᠲᠠᠶᠢᠯᠤᠮᠵᠢ ᠬᠢᠵᠡᠢ᠃ | ᠬᠤᠷᠠᠯ ᠤᠨ ᠳᠠᠷᠠᠭ᠎ᠠ᠂ ᠬᠢᠨᠠᠨ ᠪᠤᠳᠤᠬᠤ ᠳᠤᠭᠤᠶᠢᠯᠠᠩ ᠤᠨ ᠬᠢᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠲᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ | ᠬᠢᠨᠠᠨ ᠪᠤᠳᠤᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠬᠢᠨᠠᠨ ᠪᠤᠳᠤᠬᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ᠎ᠡ ᠭᠡᠵᠦ ᠢᠯᠡᠷᠬᠡᠶᠢᠯᠡᠪᠡ᠃ ᠡᠭᠦᠨ ᠤ ᠬᠠᠮᠲᠤ᠂ ᠪᠣᠳᠠᠲᠠᠶ ᠠᠵᠢᠯ ᠤᠨ ᠨᠠᠷᠢᠨ | ᠵᠦᠶ᠋ᠯᠡᠰ ᠤᠨ ᠲᠤᠬᠠᠶ ᠤᠯᠠᠮ ᠨᠢᠭᠡ ᠠᠯᠬᠤᠮ ᠨᠡᠪᠲᠡᠷᠡᠯᠴᠡᠵᠦ᠂ ᠲᠣᠰ ᠤᠳᠠᠭᠠᠨ ᠤ ᠬᠢᠨᠠᠨ ᠪᠤᠳᠤᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠢᠯᠡᠳᠲᠡ ᠦᠷ᠎ᠡ ᠪᠦᠲᠦᠮᠵᠢ ᠤᠯᠪᠠ᠃ | | | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |