ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠮᠡᠷᠭᠡᠵᠢᠯ ᠤᠨ ᠪᠣᠯᠪᠠᠰᠤᠷᠠᠭᠤᠯᠤᠯ ᠱᠠᠪᠠᠭ᠋ᠠᠢ ᠰᠢᠶᠠᠩ ᠳᠤ ᠬᠦᠷᠪᠡ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠱᠠᠪᠠᠭ᠋ᠠᠢ ᠰᠢᠶᠠᠩ ᠲᠠᠢ ᠬᠠᠮᠲᠤᠷᠠᠨ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠢ ᠤᠷᠢᠵᠤ ᠰᠢᠷ᠎ᠠ ᠪᠤᠷᠴᠠᠭ ᠳᠠᠷᠢᠬᠤ ᠡᠷᠦᠬᠡ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠮᠡᠷᠭᠡᠵᠢᠯ ᠢ ᠲᠠᠶᠢᠯᠪᠤᠷᠢᠯᠠᠨ ᠥᠭᠴᠦ᠂ ᠲᠡᠷᠢᠭᠦᠨ ᠤ ᠮᠡᠷᠭᠡᠵᠢᠯ ᠪᠠ ᠳᠠᠷᠢᠬᠤ ᠲᠤᠷᠰᠢᠯᠭ᠎ᠠ ᠶᠢ ᠲᠠᠷᠢᠶᠠᠴᠢᠳ ᠤᠨ ᠰᠡᠳᠬᠢᠯ ᠳᠤ ᠬᠦᠷᠭᠡᠪᠡ᠃      ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠯᠢᠦ ᠰᠢᠶᠠᠨ ᠹᠧᠨ ᠪᠠᠭᠰᠢ ᠭᠤᠣᠯᠳᠠᠭᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠲᠣᠭᠤᠷᠢᠨ ᠳᠤ ᠡᠭᠦᠯᠳᠡᠷ ᠢ ᠰᠣᠩᠭᠤᠬᠤ᠂ ᠦᠷ᠎ᠡ ᠶᠢ ᠰᠢᠢᠳᠪᠦᠷᠢᠯᠡᠬᠦ᠂ ᠲᠠᠷᠢᠮᠠᠯ ᠤᠨ ᠨᠢᠭᠲᠠᠴᠠ᠂ ᠤᠰᠤ ᠪᠤᠷᠳᠤᠭᠤᠷ ᠤᠨ ᠬᠠᠮᠢᠶᠠᠷᠤᠯᠲᠠ ᠪᠠ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠠᠴᠠ ᠨᠠᠷᠢᠨ ᠲᠠᠶᠢᠯᠪᠤᠷᠢᠯᠠᠵᠤ᠂ ᠲᠠᠷᠢᠮᠠᠯ ᠤᠨ ᠲᠠᠯ᠎ᠠ ᠶᠢᠨ ᠮᠡᠷᠭᠡᠵᠢᠯ ᠢ ᠰᠢᠭᠤᠳ ᠳᠡᠯᠭᠡᠨ ᠦᠵᠡᠭᠦᠯᠵᠦ᠂ ᠲᠠᠷᠢᠶᠠᠴᠢᠨ ᠡᠷᠦᠭᠡ ᠶᠢ ᠬᠠᠪᠰᠤᠷᠤᠨ ᠬᠦᠴᠢᠷ ᠲᠦᠪᠡᠭᠲᠡᠶ ᠠᠰᠠᠭᠤᠳᠠᠯ ᠢ ᠨᠢ ᠰᠢᠢᠳᠪᠦᠷᠢᠯᠡᠵᠦ᠂ ᠲᠠᠷᠢᠮᠠᠯ ᠤᠨ ᠲᠠᠷᠢᠶᠠᠴᠢᠨ ᠡᠷᠦᠭᠡ ᠶᠢᠨ ᠰᠢᠨᠵᠢᠯᠡᠬᠦ ᠤᠬᠠᠭᠠᠨᠴᠢ ᠲᠠᠷᠢᠮᠠᠯ ᠤᠨ ᠮᠡᠷᠭᠡᠵᠢᠯ ᠤᠨ ᠲᠠᠨᠢᠯᠲᠠ ᠶᠢ ᠨᠢ ᠳᠡᠭᠡᠭᠰᠢᠯᠡᠭᠦᠯᠦᠨ᠎ᠡ᠃ ᠬᠤᠷᠠᠯ ᠳᠤ ᠣᠷᠣᠯᠴᠠᠭᠰᠠᠳ ᠪᠠᠰᠠ ᠦᠢᠯᠡᠳᠪᠦᠷᠢᠯᠡᠯ ᠤᠨ ᠲᠠᠯ᠎ᠠ ᠪᠠᠷ ᠲᠤᠯᠭᠠᠷᠠᠭᠰᠠᠨ ᠠᠰᠠᠭᠤᠳᠠᠯ ᠪᠠ ᠬᠦᠴᠢᠷ ᠠᠰᠠᠭᠤᠳᠠᠯ ᠤᠨ ᠲᠠᠯ᠎ᠠ ᠪᠠᠷ ᠲᠤᠰᠬᠠᠢ ᠮᠡᠷᠭᠡᠵᠢᠯᠲᠡᠳ ᠲᠠᠢ ᠰᠠᠨᠠᠯ ᠢᠶᠠᠨ ᠰᠣᠯᠢᠯᠴᠠᠵᠤ᠂ᠪᠣᠯᠪᠠᠰᠤᠷᠠᠭᠤᠯᠤᠯ ᠤᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠬᠥᠳᠡᠭᠡ ᠲᠣᠰᠬᠤᠨ ᠤ ᠲᠠᠷᠢᠮᠠᠯ ᠤᠨ ᠲᠣᠮᠣ ᠡᠷᠦᠬᠡ ᠶᠢᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠮᠡᠷᠭᠡᠵᠢᠯ ᠤᠨ ᠲᠤᠬᠠᠶ ᠲᠠᠨᠢᠯᠲᠠ ᠶᠢ ᠦᠨᠡᠨ ᠬᠦ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠢᠲᠡᠭᠡᠯ ᠪᠠ ᠢᠳᠡᠪᠬᠢᠵᠢᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠪᠥᠬᠦ ᠰᠢᠶᠠᠩ ᠤᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠨᠠᠩ ᠰᠠᠶᠢᠲᠤᠷ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号