ᠬᠤᠶᠠᠷ ᠢ ᠬᠦᠷᠢᠶᠡᠯᠡᠬᠦ ᠠᠵᠢᠯ ᠤᠨ ᠤᠬᠠᠭᠤᠯᠭ᠎ᠠ ᠶᠢ ᠴᠢᠩᠭᠠᠳᠬᠠᠵᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/19
     ᠬᠤᠷᠢᠨᠭᠡᠷ ᠰᠢᠶᠠᠨ ᠤ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠵᠤ᠂ ᠬᠤᠷᠢᠨᠭᠡᠷ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠬᠡᠷ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠰᠢᠶᠠᠨ ᠤ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠲᠣᠬᠢᠷᠠᠮᠵᠢᠲᠠᠶ ᠴᠡᠭ ᠡᠷᠢᠵᠦ᠂ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠵᠢᠷᠤᠭᠲᠤ ᠰᠡᠳᠬᠦᠯ ᠨᠠᠭᠠᠵᠤ᠂ ᠬᠤᠶᠠᠷ ᠢ ᠬᠦᠷᠢᠶᠡᠯᠡᠬᠦ ᠠᠵᠢᠯ ᠤᠨ ᠤᠬᠠᠭᠤᠯᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠨ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠳᠡᠭᠡᠳᠦᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠵᠦ᠂ ᠬᠤᠷᠢᠨᠭᠡᠷ ᠰᠢᠶᠠᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ᠃      ᠬᠤᠷᠢᠨᠭᠡᠷ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠬᠡᠷ ᠢᠮᠠᠭᠲᠠ ᠬᠤᠶᠠᠷ ᠢ ᠬᠦᠷᠢᠶᠡᠯᠡᠬᠦ ᠤᠬᠠᠭᠤᠯᠭ᠎ᠠ ᠶᠢ ᠡᠳᠦᠷ ᠲᠤᠲᠤᠮ ᠤᠨ ᠠᠵᠢᠯ ᠳᠤᠮᠳᠠ ᠪᠠᠨ ᠲᠤᠭᠤᠰᠢᠯᠠᠭᠤᠯᠵᠤ᠂ ᠡᠯ᠎ᠡ ᠵᠦᠢᠯ ᠤᠨ ᠵᠠᠭᠤᠴᠢᠯᠠᠭᠤᠷ ᠢ ᠶᠡᠷᠦᠩᠬᠡᠶᠢᠯᠡᠨ ᠠᠰᠢᠭᠯᠠᠵᠤ᠂ ᠵᠢᠱᠢᠶᠡᠯᠡᠪᠡᠯ ᠤᠬᠠᠭᠤᠯᠭ᠎ᠠ ᠶᠢᠨ ᠪᠤᠯᠤᠩ᠂ ᠣᠯᠠᠨ ᠨᠡᠶᠢᠲᠡ ᠶᠢᠨ ᠳ᠋ᠤᠭᠠᠷ ᠤᠨ ᠵᠣᠬᠢᠶᠠᠯ᠂ ᠷᠠᠳᠢᠣ᠋ ᠲᠧᠯᠸᠢᠰ ᠵᠡᠷᠭᠡ ᠶᠢ ᠨᠡᠶᠢᠲᠡᠯᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠬᠠᠷᠠᠭᠠᠯᠵᠠᠬᠤ ᠣᠶᠢᠯᠠᠭᠠᠭᠳᠠᠬᠤᠨ ᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠳᠤᠮᠳᠠ ᠨᠡᠪᠴᠢᠭᠦᠯᠦᠭᠰᠡᠨ ᠪᠠᠶᠢᠨ᠎ᠠ᠃      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠰᠤᠷᠭᠠᠭᠤᠯᠢ᠂ ᠲᠡᠷᠭᠡᠨ ᠥᠷᠲᠡᠭᠡ᠂ ᠡᠮᠨᠡᠯᠭᠡ ᠶᠢᠨ ᠬᠤᠷᠢᠶ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠤᠬᠠᠭᠤᠯᠬᠤ᠂ ᠬᠤᠶᠠᠷ ᠢ ᠬᠦᠷᠢᠶᠡᠯᠡᠬᠦ ᠫᠠᠶᠢᠰᠠ ᠲᠡᠮᠳᠡᠭ ᠡᠯᠭᠦᠬᠦ᠂ ᠬᠤᠶᠠᠷ ᠢ ᠬᠦᠷᠢᠶᠡᠯᠡᠬᠦ ᠭᠤᠤᠯ ᠰᠡᠳᠦᠪᠲᠦ ᠴᠡᠴᠡᠷᠯᠢᠭ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠶᠠᠷ ᠢ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠬᠡᠷᠡᠭᠲᠡᠢ᠃ ᠥᠷᠭᠡᠨ ᠤᠯᠠᠨ ᠠᠷᠠᠳ ᠲᠦᠮᠡᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠰᠢᠶᠠᠨ ᠳᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠳᠤ ᠰᠠᠶᠢᠨ ᠦᠢᠯᠡᠳᠦᠯ ᠦᠵᠡᠭᠦᠯᠪᠡ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠭᠡᠷ ᠦᠷᠭᠦᠯᠵᠢᠯᠡᠨ ᠣᠯᠠᠨ ᠵᠦᠢᠯ ᠤᠨ ᠬᠡᠯᠪᠡᠷᠢ ᠪᠠᠷ ᠬᠤᠶᠠᠷ ᠢ ᠬᠦᠷᠢᠶᠡᠯᠡᠬᠦ ᠠᠵᠢᠯ ᠤᠨ ᠤᠬᠠᠭᠤᠯᠭ᠎ᠠ ᠬᠢᠵᠦ᠂ ᠠᠷᠠᠳ ᠣᠯᠠᠨ ᠳᠤ ᠬᠤᠶᠠᠷ ᠢ ᠬᠦᠷᠢᠶᠡᠯᠡᠬᠦ ᠶᠢ ᠣᠶᠢᠯᠠᠭᠠᠭᠤᠯᠵᠤ᠂ ᠬᠤᠶᠠᠷ ᠢ ᠬᠦᠷᠢᠶᠡᠯᠡᠬᠦ ᠲᠠᠨᠢᠭᠤᠯᠵᠤ᠂ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠵᠤ᠂ ᠬᠤᠶᠠᠷ ᠢ ᠬᠦᠷᠢᠶᠡᠯᠡᠬᠦ ᠠᠵᠢᠯ ᠢ ᠬᠥᠮᠦᠰ ᠤᠨ ᠰᠡᠳᠬᠢᠯ ᠳᠤ ᠲᠠᠰᠤᠷᠠᠯᠲᠠ ᠥᠬᠡᠶ ᠬᠠᠳᠠᠩᠰᠢᠭᠤᠯᠵᠤ᠂ ᠬᠤᠶᠠᠷ ᠢ ᠬᠦᠷᠢᠶᠡᠯᠡᠬᠦ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠡᠷᠦᠬᠡ ᠪᠣᠯᠭᠠᠨ ᠳᠤ ᠮᠡᠳᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠤᠶᠠᠷ ᠢ ᠬᠦᠷᠢᠶᠡᠯᠡᠬᠦ᠂ ᠡᠭᠦᠳᠦᠨ ᠪᠠᠶᠢᠭᠤᠯᠬᠤ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠷᠢᠨᠭᠡᠷ ᠰᠢᠶᠠᠨ ᠤ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠴᠢᠷᠮᠠᠶᠢᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号