ᠥᠪᠥᠷ ᠮᠣᠩᠭᠤᠯ ᠤᠨ A ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠪᠥᠬᠦ ᠵᠢᠯ ᠳᠤ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2024/4/2
     3 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠮᠡᠳᠡᠭᠡ ᠨᠡᠶᠢᠲᠡᠯᠡᠵᠦ᠂ ᠥᠷᠭᠡᠨ ᠣᠯᠠᠨ ᠵᠢᠭᠤᠯᠴᠢᠯᠠᠭᠰᠠᠳ ᠲᠤ ᠠᠰᠢᠭ ᠬᠦᠷᠲᠡᠭᠡᠨ᠂ ᠳᠥᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠢ ᠪᠠᠶᠠᠷᠯᠠᠨ ᠤᠭᠲᠤᠬᠤ ᠶᠢᠨ ᠲᠥᠯᠥᠭᠡ᠂ ᠪᠥᠬᠦ ᠣᠷᠣᠨ ᠤ A ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠶᠡᠭᠡ ᠡᠭᠦᠳᠡᠨ ᠪᠢᠯᠧᠲ ᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠡᠯᠲᠦᠷᠢᠭᠦᠯᠦᠨ᠎ᠡ ᠭᠡᠵᠡᠢ᠃      A ᠳᠡᠰ ᠤᠨ 80 ᠵᠢᠭᠤᠯᠴᠢᠯᠠᠯ ᠦᠵᠡᠮᠵᠢ ᠶᠢᠨ ᠣᠷᠣᠨ ᠨᠢ ᠪᠦᠬᠦ ᠣᠷᠣᠨ ᠤ 12 ᠠᠶᠢᠮᠠᠭ ᠬᠤᠲᠠ ᠳᠤ ᠲᠥᠭᠡᠵᠡᠢ᠂ ᠡᠭᠦᠨ ᠳᠤ ᠬᠥᠬᠡᠬᠤᠲᠠ ᠶᠢᠨ ᠮᠧᠩ ᠼᠤᠤ · ᠼᠤᠤ ᠪᠥᠸᠧ ᠶᠤᠸᠠᠨ ᠦᠵᠡᠮᠵᠢ ᠶᠢᠨ ᠣᠷᠣᠨ᠂ ᠪᠤᠭᠤᠲᠤ ᠬᠤᠲᠠ ᠶᠢᠨ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ ᠬᠥᠯᠥᠨ ᠪᠤᠶᠢᠷ ᠬᠤᠲᠠ ᠶᠢᠨ ᠬᠥᠯᠥᠨ ᠪᠤᠶᠢᠷ ᠤᠨ ᠡᠷᠲᠡᠨ ᠤ ᠬᠤᠲᠠ ᠶᠢᠨ ᠵᠢᠭᠤᠯᠴᠢᠯᠠᠯ ᠤᠨ ᠣᠷᠣᠨ᠂ ᠬᠢᠩᠭᠠᠨ ᠠᠶᠢᠮᠠᠭ ᠤᠨ ᠷᠠᠰᠢᠶᠠᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥ᠋ ᠢᠦᠢ ᠶᠤᠸᠠᠨ ᠦᠵᠡᠮᠵᠢ ᠶᠢᠨ ᠣᠷᠣᠨ᠂ ᠤᠯᠠᠭᠠᠨᠬᠠᠳᠠ ᠬᠤᠲᠠ ᠶᠢᠨ ᠯᠢᠤᠢ ᠶᠤᠸᠠᠨ ᠠᠮᠢ ᠠᠬᠤᠢ ᠶᠢᠨ ᠦᠵᠡᠮᠵᠢ ᠶᠢᠨ ᠣᠷᠣᠨ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠪᠠᠶᠢᠰᠡ ᠶᠢᠨ ᠰᠦᠮ᠎ᠡ ᠶᠢᠨ ᠵᠢᠭᠤᠯᠴᠢᠯᠠᠯ ᠦᠵᠡᠮᠵᠢ ᠶᠢᠨ ᠣᠷᠣᠨ᠂ ᠤᠯᠠᠭᠠᠨᠴᠠᠪ ᠬᠤᠲᠠ ᠶᠢᠨ ᠪᠠ ᠸᠠᠩ ᠾᠧ ᠠᠮᠢ ᠠᠬᠤᠢ ᠶᠢᠨ ᠴᠡᠴᠡᠷᠯᠢᠭ ᠤᠨ ᠦᠵᠡᠮᠵᠢ ᠶᠢᠨ ᠣᠷᠣᠨ᠂ ᠣᠷᠳᠣᠰ ᠬᠤᠲᠠ ᠶᠢᠨ ᠡᠩᠬᠡᠪᠡᠢ ᠵᠢᠭᠤᠯᠴᠢᠯᠠᠯ ᠤᠨ ᠣᠷᠣᠨ᠂ ᠪᠠᠶᠠᠨᠨᠠᠭᠤᠷ ᠬᠤᠲᠠ ᠶᠢᠨ ᠲᠡᠮᠡᠭᠡᠨ ᠵᠢᠩ ᠤᠨ ᠤᠯᠠᠭ᠎ᠠ ᠥᠷᠲᠡᠭᠡ ᠵᠢᠭᠤᠯᠴᠢᠯᠠᠯ ᠤᠨ ᠣᠷᠣᠨ᠂ ᠦᠬᠠᠢ ᠬᠤᠲᠠ ᠶᠢᠨ ᠬᠠᠨ ᠰᠧᠨ ᠡᠳ᠋ᠯᠡᠩ ᠤᠨ ᠦᠵᠡᠮᠵᠢ ᠶᠢᠨ ᠣᠷᠣᠨ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠣᠪᠣᠭᠠᠨ ᠠᠭᠤᠯᠠ ᠵᠢᠭᠤᠯᠴᠢᠯᠠᠯ ᠤᠨ ᠣᠷᠣᠨ ᠵᠡᠷᠭᠡ ᠶᠢ ᠪᠠᠭᠲᠠᠭᠠᠭᠰᠠᠨ ᠤᠯᠠᠨ ᠨᠡᠷᠡᠳᠦ ᠦᠵᠡᠮᠵᠢ ᠶᠢᠨ ᠭᠠᠵᠠᠷ ᠴᠥᠮ ᠨᠡᠷᠡᠰ ᠤᠨ ᠵᠢᠭᠰᠠᠭᠠᠯᠲᠠ ᠳᠤ ᠣᠷᠣᠪᠠ᠃      ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠰᠠᠶᠢᠵᠢᠷᠠᠭᠤᠯᠬᠤ ᠶᠢᠨ ᠲᠥᠯᠥᠭᠡ᠂ ᠮᠠᠨ ᠤ ᠣᠷᠣᠨ 5 ᠳ᠋ᠤᠭᠠᠷ ᠰᠠᠷ᠎ᠠ ᠶᠢᠨ 1 ᠤ ᠡᠳᠦᠷ ᠠᠴᠠ ︽2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠵᠢᠭᠤᠯᠴᠢᠯᠠᠭᠰᠠᠳ ᠢ ᠣᠷᠢᠨ ᠠᠪᠴᠢᠷᠠᠭᠰᠠᠨ ᠢ ᠱᠠᠩᠨᠠᠬᠤ ᠠᠷᠭ᠎ᠠ︾ ᠶᠢ ᠬᠡᠷᠡᠭᠵᠢᠭᠦᠯᠬᠦ ᠪᠣᠯᠣᠨ᠎ᠠ᠂ ᠲᠤᠬᠠᠢ ᠶᠢᠨ ᠦᠶᠡᠰ ᠲᠤ ᠨᠠᠩ ᠣᠯᠠᠨ ᠬᠠᠷᠠᠭᠠᠯᠵᠠᠯ᠂ ᠨᠠᠩ ᠣᠯᠠᠨ ᠭᠡᠨᠡᠳᠲᠡ ᠶᠢᠨ ᠪᠠᠶᠠᠷ ᠢ ᠨᠡᠶᠢᠲᠡᠯᠡᠨ᠎ᠡ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号